ᠯᠢ ᠢᠦᠢ ᠹᠦ᠋ ᠺᠸᠦ ᠾᠧᠽᠢ ᠪᠠᠯᠭᠠᠰᠤᠨ ᠳᠤ ᠬᠦᠷᠴᠦ ᠳᠤᠯᠠᠭᠠᠯᠠᠭ᠎ᠠ ᠬᠠᠩᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/10/17
    10 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢ ᠢᠦᠶ ᠹᠦ᠋ ᠺᠸᠦ ᠾᠧᠽᠢ ᠪᠠᠯᠭᠠᠰᠤᠨ ᠳᠤ ᠬᠦᠷᠴᠦ ᠢᠯᠴᠢ ᠬᠠᠩᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠯᠴᠢ ᠬᠠᠩᠭᠠᠬᠤ ᠶᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭᠠᠬᠢ ᠠᠵᠢᠯᠯᠠᠭᠠᠨ᠂ ᠬᠠᠮᠢᠶᠠᠷᠤᠯᠲᠠ ᠬᠠᠮᠠᠭᠠᠯᠠᠯᠲᠠ᠂ ᠰᠢᠲᠠᠭᠠᠯᠭ᠎ᠠ ᠶᠢᠨ ᠨᠥᠭᠡᠴᠡ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠢᠯᠴᠢ ᠬᠠᠩᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠤᠨ ᠲᠤᠬᠠᠶ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号