ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠨ ᠬᠤᠯᠪᠤᠭᠠᠯᠠᠭᠰᠠᠨ ᠵᠢᠯᠣᠭᠤᠳᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/10/18
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠨ ᠬᠤᠯᠪᠤᠭᠠᠯᠠᠭᠰᠠᠨ ᠵᠢᠯᠣᠭᠤᠳᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠭᠤᠸᠠᠨ ᠴᠦᠨ ᠭᠤᠸᠠᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠢᠶ ᠱᠤᠸᠠᠩ ᠯᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ  ᠳᠤᠭᠤᠶᠢᠯᠠᠩ ᠤᠷᠢᠳ  ᠬᠤᠵᠢᠳ ᠹᠦ᠋ ᠲᠠᠢ  ᠢᠯᠴᠢ ᠶᠢᠨ ᠬᠦᠴᠦᠨ ᠤ ᠵᠤᠤᠬ᠎ᠠ ᠶᠢᠨ ᠭᠡᠷ᠂ ᠶᠤᠸᠠᠨ ᠹᠧᠩ ᠢᠯᠴᠢ ᠶᠢᠨ ᠬᠦᠴᠦᠨ ᠤ ᠵᠤᠤᠬ᠎ᠠ ᠶᠢᠨ ᠭᠡᠷ᠂ ᠵᠢᠤᠢ ᠸᠧᠶ ᠬᠤᠸᠠ ᠹᠦ᠋ ᠰᠠᠭᠤᠭᠠᠯᠢ ᠲᠣᠭᠤᠷᠢᠭ᠂ ᠱᠠᠨ ᠱᠦᠢ ᠷᠧᠨ ᠵᠢᠶᠠ ᠰᠠᠭᠤᠭᠠᠯᠢ ᠲᠣᠭᠤᠷᠢᠭ᠂ ᠹᠦ᠋ ᠶᠤᠸᠠᠨ ᠰᠠᠭᠤᠭᠠᠯᠢ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠵᠡᠷᠭᠡ ᠭᠠᠵᠠᠷ ᠢᠶᠠᠷ ᠬᠦᠷᠴᠦ᠂ ᠪᠠᠰᠠ ᠡᠷᠦᠬᠡ ᠳᠤ ᠬᠦᠷᠴᠦ ᠬᠡᠰᠡᠭ ᠢᠯᠴᠢ ᠬᠡᠷᠡᠭᠯᠡᠬᠦ ᠰᠠᠭᠤᠭᠠᠯᠢ ᠠᠷᠠᠳ ᠢ ᠰᠤᠷᠪᠤᠯᠵᠢᠯᠠᠵᠤ᠂ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠲᠣᠳᠣᠷᠬᠠᠶ ᠳᠠᠩᠰᠠ ᠶᠢ ᠢᠯᠡ ᠨᠡᠶᠢᠲᠡᠯᠡᠵᠦ᠂ ᠭᠡᠷ ᠤᠨ ᠳᠤᠯᠠᠭᠠᠨ ᠴᠤᠭᠯᠠᠭᠤᠯᠬᠤ ᠮᠠᠰᠢᠨ ᠢ ᠤᠭᠰᠠᠷᠠᠬᠤ ᠵᠢᠴᠢ ᠢᠯᠴᠢ ᠬᠠᠩᠭᠠᠬᠤ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠢ ᠬᠢᠨᠠᠨ ᠵᠢᠯᠣᠭᠤᠳᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号