ᠰᠢ ᠶᠢᠨ ᠫᠢᠩ ᠯᠢᠦ ᡂᠢ ᠭᠤᠳᠤᠮᠵᠢ ᠪᠠᠷ ᠲᠤᠭᠤᠷᠢᠨ ᠦᠵᠡᠪᠡ᠄ ᠤᠯᠠᠮᠵᠢᠯᠠᠯᠲᠤ ᠰᠠᠶᠢᠬᠠᠨ ᠵᠠᠩ | ᠰᠤᠷᠲᠠᠯ ᠢᠶᠠᠨ ᠰᠠᠶᠢᠲᠤᠷ ᠪᠠᠳᠠᠷᠠᠭᠤᠯᠵᠤ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠤᠯᠭᠠᠨ᠎ᠠ | 17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ | ᠲᠦᠩᠴᠧᠩ ᠬᠤᠲᠠ ᠶᠢᠨ ᠯᠢᠦ ᡂᠢ ᠭᠤᠳᠤᠮᠵᠢ ᠳᠤ ᠬᠦᠷᠴᠦ᠂ ᠵᠠᠩ ᠡᠦ ᠶᠢᠨ ᠨᠠᠶᠢᠷ ᠲᠠᠯᠪᠢᠭᠰᠠᠨ ᠰᠣᠩᠭᠤᠳᠠᠭ | ᠦᠯᠢᠭᠡᠷ ᠢ ᠳᠠᠬᠢᠨᠲᠠ ᠳᠤᠷᠠᠰᠤᠨ ᠰᠣᠨᠢᠷᠬᠠᠵᠤ᠂ ᠲᠦᠩᠴᠧᠩ ᠤᠨ ᠲᠡᠦᠬᠡ ᠰᠣᠶᠣᠯ ᠤᠨ ᠦᠵᠡᠭᠦᠯᠭᠡ ᠶᠢ ᠪᠠᠶᠢᠴᠠᠭᠠᠨ | ᠦᠵᠡᠪᠡ᠃ ᠰᠢ ᠶᠢᠨ ᠫᠢᠩ᠂ ᠠᠳᠡ ᠢᠷᠡᠵᠦ ᠦᠵᠡᠭᠡᠳ ᠰᠡᠳᠭᠢᠭᠳᠡᠯ ᠲᠥᠷᠥᠭᠳᠡᠯ ᠢᠶᠠᠷ ᠶᠡᠭᠡ ᠪᠠᠶᠢᠨ᠎ᠠ᠃ ᠯᠢᠦ ᡂᠢ | ᠭᠤᠳᠤᠮᠵᠢ ᠨᠢ ᠳᠤᠮᠳᠠᠳᠤ ᠤᠯᠤᠰ ᠤᠨ ᠡᠷᠲᠡᠨ ᠤ ᠬᠥᠮᠦᠰ ᠤᠨ ᠲᠡᠦᠬᠡ ᠤᠶᠤᠨ ᠤᠬᠠᠭᠠᠨ ᠢ ᠠᠴᠢᠶᠠᠯᠠᠵᠤ ᠪᠤᠢ᠂ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠰᠠᠶᠢᠲᠤᠷ ᠪᠠᠳᠠᠷᠠᠭᠤᠯᠤᠨ᠂ ᠬᠠᠷᠢᠯᠴᠠᠨ | ᠨᠠᠶᠢᠷ ᠲᠠᠯ᠎ᠠ ᠲᠠᠢ᠂ ᠡᠶ᠎ᠡ ᠡᠪᠲᠡᠢ ᠪᠠᠶᠢᠬᠤ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠤᠳ ᠢ | ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠰᠠᠶᠢᠲᠤᠷ ᠠᠷᠢᠯᠭᠠᠨ᠂ ᠮᠠᠨ ᠤ ᠨᠡᠶᠢᠭᠡᠮ ᠢᠶᠠᠨ ᠨᠡᠩ ᠡᠶ᠎ᠡ | ᠵᠣᠬᠢᠴᠠᠯ ᠲᠠᠢ ᠪᠣᠯᠭᠠᠬᠤ ᠬᠡᠷᠡᠭᠲᠡᠢ ᠭᠡᠵᠡᠢ᠃ | | | | | | | | | ᠰᠢ ᠶᠢᠨ ᠫᠢᠩ᠄ ᠳᠣᠮᠳᠠᠳᠣ ᠣᠯᠣᠰ ᠤᠨ ᠮᠠᠶ᠋ᠢᠭ ᠤᠨ ᠤᠳᠤᠬᠢᠴᠢᠯᠠᠯᠲᠠ ᠶᠢ ᠠᠭᠢᠭᠤᠯᠬᠤ ᠳᠤ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠤᠨ᠎ᠠ | 17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ | ᠾᠧᠹᠸᠢ ᠶᠢᠨ ᠪᠢᠨ ᠬᠤ᠋ ᠰᠢᠨᠵᠢᠯᠡᠬᠦ ᠤᠬᠠᠭᠠᠨ ᠤ ᠬᠤᠲᠠ ᠳᠤ ᠬᠦᠷᠴᠦ᠂ ᠣᠶᠢᠷ᠎ᠠ ᠶᠢᠨ ᠵᠢᠯ ᠤᠳ ᠤᠨ ᠲᠤᠷᠰᠢᠬᠢ | ᠠᠨᠾᠦ᠋ᠢ ᠮᠤᠵᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠤᠨ ᠲᠥᠪᠯᠡᠷᠡᠭᠰᠡᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠠᠬᠢ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ | ᠲᠤᠳᠤᠨᠤᠰᠤᠭ ᠢᠶᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ | ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠳ ᠢ ᠮᠠᠰᠢ ᠡᠷᠬᠢᠮᠯᠡᠵᠦ ᠬᠠᠶᠢᠷᠠᠯᠠᠳᠠᠭ᠃ | ᠬᠥᠮᠦᠨ ᠤ ᠠᠮᠢᠳᠤᠷᠠᠯ ᠳᠤ ᠬᠡᠳᠦ ᠤᠳᠠᠭ᠎ᠠ ᠶᠢᠨ ᠲᠡᠮᠡᠴᠡᠬᠦ ᠳᠣᠬᠢᠶᠠᠯ ᠪᠠᠶᠢᠬᠤ ᠪᠣᠢ᠂ ᠤᠯᠠᠨ ᠢᠶᠠᠷ ᠢᠶᠠᠨ ᠥᠴᠥᠬᠡᠨ | ᠴᠤ ᠡᠷᠡᠭᠡᠯᠵᠡᠯ ᠦᠭᠡᠢ ᠪᠠᠷ ᠤᠷᠤᠭᠰᠢ ᠲᠡᠮᠡᠦᠯᠦᠨ ᠦᠷᠭᠦᠯᠵᠢᠯᠡᠨ ᠲᠡᠮᠡᠴᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢᠨ ᠲᠤᠯᠠᠳᠠ ᠤᠶᠤᠨ ᠤᠬᠠᠭᠠᠨ ᠠᠪᠢᠶᠠᠰ ᠴᠢᠳᠠᠪᠤᠷᠢ ᠪᠠᠨ | ᠡᠷᠭᠦᠬᠦ ᠬᠡᠷᠡᠭᠲᠡᠶ ᠭᠡᠵᠡᠢ᠃ | ᠰᠤᠷᠪᠤᠯᠵᠢᠯᠠᠭᠴᠢ᠄ ᠳ᠋ᠦ᠋ ᠱᠠᠩ ᠽᠧ ᠰᠡᠭᠦᠳᠡᠷᠯᠡᠭᠴᠢ᠄ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ | ᠰᠢᠶᠧ ᠬᠤᠸᠠᠨ ᡂᠢ ᠶᠠᠨ ᠶᠠᠨ ᠱᠧᠨ ᠬᠤᠩ | | | | | | | |