10 ᠳ᠋ᠤᠭᠠᠷ ᠰᠠᠷ᠎ᠠ ᠶᠢᠨ 15 ᠤ ᠡᠳᠦᠷ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠬᠤᠪᠣᠷ ᠰᠢᠷᠣᠢ ᠶᠢᠨ | ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠤᠭᠤᠲᠤ ᠬᠤᠲᠠ ᠳᠤ ᠠᠰᠢᠭᠯᠠᠯᠲᠠ ᠳᠤ | ᠣᠷᠣᠪᠠ᠃ ᠲᠣᠰ ᠰᠠᠭᠤᠷᠢᠨ ᠭᠠᠵᠠᠷ ᠤᠨ ᠶᠡᠷᠦᠩᠬᠡᠶ ᠪᠠᠯᠠ ᠣᠷᠣᠭᠤᠯᠤᠯᠲᠠ ᠨᠢ 77.9 ᠳ᠋ᠦᠩᠰᠢᠭᠤᠷ ᠲᠥᠭᠦᠷᠢᠭ | ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ 90 ᠭᠠᠷᠤᠶ ᠨᠢᠭᠡᠴᠢ ᠨᠦᠭᠦᠳ ᠲᠤᠰ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠠᠶ᠃ ᠲᠥᠷᠥᠯ ᠵᠦᠢᠯ ᠪᠦᠬᠦᠨ ᠢᠶᠠᠷ ᠢᠶᠠᠨ ᠪᠠᠷᠢᠯᠭ᠎ᠠ | ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠬᠤᠯᠢᠮᠠᠭ ᠬᠤᠪᠣᠷ ᠰᠢᠷᠣᠶ ᠶᠢᠨ ᠨᠠᠷᠢᠯᠢᠭ ᠠᠭᠤᠷᠬᠠᠶ ᠶᠢ 19.8 | ᠲᠦᠮᠡᠨ ᠲᠣᠨ᠂ ᠴᠤᠭᠯᠠᠭᠤᠯᠤᠨ ᠰᠠᠯᠭᠠᠭᠰᠠᠨ ᠬᠤᠪᠣᠷ ᠰᠢᠷᠣᠶ ᠶᠢᠨ ᠢᠰᠦᠯ ᠢ 10.6 ᠲᠦᠮᠡᠨ ᠲᠣᠨ᠂ ᠬᠤᠪᠣᠷ | ᠰᠢᠷᠣᠶ ᠶᠢᠨ 15 ᠡᠯᠧᠮᠧᠨ᠋ᠲ ᠢ ᠪᠦᠬᠦᠨ ᠢ ᠰᠠᠯᠭᠠᠬᠤ ᠴᠢᠳᠠᠪᠤᠷᠢ ᠶᠢ ᠪᠦᠷᠢᠯᠳᠦᠭᠦᠯᠵᠦ᠂ ᠬᠦᠬᠦᠷ ᠬᠦᠴᠢᠯ ᠤᠨ | ᠬᠤᠪᠣᠷ ᠰᠢᠷᠣᠶ᠂ ᠾᠯᠣᠷᠲᠤ ᠬᠤᠪᠣᠷ ᠰᠢᠷᠣᠶ᠂ ᠨᠡᠭᠦᠷᠡᠰᠦ ᠬᠦᠴᠢᠯ ᠤᠨ ᠬᠤᠪᠣᠷ ᠰᠢᠷᠣᠶ᠂ ᠢᠰᠦᠯᠳᠦᠭᠰᠡᠨ ᠬᠤᠪᠣᠷ | ᠰᠢᠷᠣᠶ ᠵᠡᠷᠭᠡ ᠵᠢᠷᠭᠤᠭᠠᠨ ᠶᠡᠭᠡ ᠰᠢᠷᠢᠰ᠂ 100 ᠭᠠᠷᠤᠶ ᠵᠦᠢᠯ ᠤᠨ ᠬᠤᠪᠣᠷ ᠰᠢᠷᠣᠶ ᠶᠢᠨ ᠦᠢᠯᠡᠳᠬᠦᠨ ᠢ | ᠦᠢᠯᠡᠳᠪᠦᠷᠢᠯᠡᠵᠦ᠂ ᠦᠢᠯᠡᠳᠬᠦᠨ ᠤ ᠴᠡᠪᠡᠷ ᠤᠨ ᠬᠡᠮᠵᠢᠶ᠎ᠡ 99.9% ᠠᠴᠠ ᠳᠡᠭᠡᠭᠰᠢ ᠳᠤ ᠬᠦᠷᠴᠦ᠂ | ᠬᠡᠷᠡᠭᠯᠡᠭᠰᠡᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ᠢ | ᠠᠮᠢᠳᠤᠯᠢᠭ ᠢᠶᠠᠷ ᠰᠣᠯᠢᠵᠤ᠂ ᠬᠠᠮᠤᠭ ᠤᠨ ᠶᠡᠭᠡ ᠬᠡᠮᠵᠢᠶ᠎ᠡ ᠪᠠᠷ ᠳᠣᠤᠷᠠᠳᠤ ᠤᠷᠤᠰᠬᠠᠯ ᠤᠨ ᠬᠡᠷᠡᠭᠯᠡᠭᠴᠢᠳ ᠲᠤ ᠡᠯ᠎ᠡ | ᠲᠥᠷᠥᠯ ᠤᠨ ᠲᠦᠭᠦᠬᠡᠶ ᠮᠠᠲ᠋ᠧᠷᠢᠶᠠᠯ ᠤᠨ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠯᠤᠨ᠎ᠠ᠃ | ᠠᠵᠢᠯ ᠲᠥᠷᠥᠯ ᠤᠨ ᠬᠠᠮᠤᠭ ᠤᠨ ᠲᠡᠷᠢᠭᠦᠨ ᠤ ᠤᠷᠠᠨ ᠳᠠᠷᠬ᠎ᠠ᠂ ᠮᠡᠷᠭᠡᠵᠢᠯ ᠵᠢᠴᠢ ᠲᠣᠨᠤᠭ ᠲᠥᠬᠦᠭᠡᠷᠦᠮᠵᠢ ᠶᠢ | ᠬᠡᠷᠡᠭᠯᠡᠬᠦ ᠪᠠᠷ ᠳᠠᠮᠵᠢᠭᠤᠯᠤᠨ᠂ ᠬᠦᠴᠢᠯ ᠱᠦᠯᠲᠦ ᠶᠢᠨ ᠨᠢᠭᠡᠴᠢ ᠬᠤᠷᠣᠭᠳᠠᠯ ᠢ 20% ᠠᠴᠠ ᠳᠡᠭᠡᠭᠰᠢ | ᠪᠠᠭᠤᠷᠠᠭᠤᠯᠵᠤ᠂ ᠰᠢᠨ᠎ᠡ ᠤᠰᠤ ᠬᠡᠷᠡᠭᠯᠡᠬᠦ ᠬᠡᠮᠵᠢᠶ᠎ᠡ ᠶᠢ 30% ᠪᠠᠷ ᠪᠠᠭᠤᠷᠠᠭᠤᠯᠤᠨ᠂ 15% ᠶᠢᠨ ᠣᠷᠴᠢᠮ | ᠡᠨᠧᠷᠭᠢ ᠶᠢ ᠠᠷᠪᠢᠯᠠᠵᠤ᠂ ᠴᠥᠮ ᠠᠵᠢᠯ ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠪᠡ᠃ ︵ | ᠪᠤᠭᠤᠲᠤ ᠬᠤᠲᠠ ᠶᠢᠨ ᠵᠠᠰᠠᠭ ᠤᠨ ᠣᠷᠳᠣᠨ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ᠂ ᠪᠤᠭᠤᠲᠤ ᠶᠢᠨ | ᠪᠣᠯᠣᠳ ᠲᠡᠮᠦᠷ ᠤᠨ ᠪᠦᠯᠦᠭᠯᠡᠯ︶ |