ᠲᠦᠩᠯᠢᠶᠣᠣ ᠵᠠᠰᠠᠭ ᠲᠠᠷᠬᠠᠭᠠᠭᠰᠠᠨ ﹇2020﹈ 86 ᠳ᠋ᠤᠭᠠᠷ ᠲᠣᠭᠠᠲᠤ | ᠲᠦᠩᠯᠢᠶᠣᠤ ᠬᠤᠲᠠ ᠶᠢᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠶᠢ ᠠᠬᠢᠭᠤᠯᠬᠤ | ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠲᠦᠩᠯᠢᠶᠣᠤ ᠬᠤᠲᠠ ᠶᠢᠨ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ﹀ ᠶᠢ ᠠᠬᠢᠭᠤᠯᠬᠤ | ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 7 ᠰᠠᠷ᠎ᠠ ᠶᠢᠨ 9 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠲᠦᠩᠯᠢᠶᠣᠤ ᠬᠤᠲᠠ ᠶᠢᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠶᠢ ᠠᠬᠢᠭᠤᠯᠬᠤ | ᠬᠡᠷᠡᠭᠵᠢᠭᠦᠯᠬᠦ ᠲᠥᠰᠦᠯ | ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ︿ᠦᠨᠳᠦᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ﹀ ᠶᠢ | ᠠᠬᠢᠭᠤᠯᠬᠤ︾ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ | ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢᠨ ᠲᠣᠭᠤᠷᠢᠨ ᠳᠤ | ᠬᠤᠯᠪᠣᠭᠳᠠᠬᠤ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ | ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠲᠠ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠠᠵᠤ ᠠᠬᠤᠶᠢᠯᠠᠯ ᠪᠠ ᠤᠯᠠᠨ ᠲᠦᠮᠡᠨ ᠤ ᠬᠠᠷᠠᠭᠠᠰᠤ ᠠᠴᠠ ᠡᠭᠦᠰᠴᠦ᠂ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ | ᠨᠡᠩ ᠤᠯᠠᠨ ᠬᠤᠯᠪᠣᠭᠳᠠᠬᠤ ᠴᠢᠨᠠᠷ ᠢᠶᠠᠷ ᠴᠢᠩᠭ᠎ᠠ᠂ ᠶᠠᠪᠤᠳᠠᠯ ᠭᠦᠢᠴᠡᠳᠬᠡᠬᠦ ᠬᠡᠷᠡᠭᠴᠡᠭᠡ ᠶᠢᠨ ᠬᠡᠮᠵᠢᠶ᠎ᠡ ᠪᠠᠷ ᠶᠡᠭᠡ | ᠰᠠᠯᠠᠭ᠎ᠠ ᠮᠥᠴᠢᠷ ᠠᠯᠤᠰᠯᠠᠭᠰᠠᠨ᠂ ᠲᠡᠰ ᠳᠠᠪᠬᠤᠷᠭ᠎ᠠ ᠠᠯᠤᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠶᠠᠪᠤᠳᠠᠯ | ᠭᠦᠢᠴᠡᠳᠬᠡᠬᠦ ᠪᠡᠶᠡᠴᠢᠯᠡᠨ ᠣᠶᠢᠯᠠᠭᠠᠬᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ | 2024 ᠣᠨ ᠳᠤ᠂ ᠥᠪᠡᠷᠲᠡᠭᠡᠨ ᠵᠠᠰᠠᠬᠤ ᠣᠷᠣᠨ ᠤ ︽5+8+3+N︾ ︽ᠨᠢᠭᠡ ᠶᠠᠪᠤᠳᠠᠯ︾ ᠢ | ᠦᠨᠳᠦᠷ ᠪᠦᠲᠦᠮᠵᠢᠲᠡᠢ ᠪᠠᠷ ᠭᠦᠢᠴᠡᠳᠬᠡᠬᠦ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ 8 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠮᠦᠨᠡᠬᠢ ᠬᠤᠭᠤᠴᠠᠭᠠᠨ ᠳᠤ ᠨᠢᠭᠡᠨᠲᠡ ᠥᠷᠨᠢᠭᠦᠯᠦᠭᠰᠡᠨ ᠠᠵᠤ | ᠠᠬᠤᠶᠢᠯᠠᠯ ᠤᠨ ᠡᠵᠡᠩᠨᠡᠯᠲᠡ ᠶᠢ ᠵᠦᠪᠰᠢᠶᠡᠷᠡᠬᠦ᠂ ᠳᠥᠭᠦᠮᠬᠡᠨ ᠢᠶᠠᠷ ᠬᠦᠴᠦᠨ ᠥᠬᠡᠶ ᠪᠣᠯᠭᠠᠬᠤ᠂ ᠰᠢᠨ᠎ᠡ ᠲᠦᠷᠦᠭᠰᠡᠨ | ᠬᠡᠤᠬᠡᠳ᠂ ᠵᠡᠮᠳᠡᠭᠴᠦᠳ ᠢ ᠲᠡᠳᠬᠦᠵᠦ ᠬᠦᠴᠢᠷᠳᠡᠯ ᠲᠠᠢ ᠶᠢ ᠲᠤᠰᠠᠯᠠᠬᠤ᠂ ᠠᠵᠢᠯᠲᠠᠨ ᠠᠵᠢᠯᠴᠢᠨ ᠤ | ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ 5 ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ | ᠶᠠᠪᠤᠳᠠᠯ ᠢ ᠤᠯᠠᠮ ᠨᠢᠭᠡ ᠠᠯᠬᠤᠮ ᠵᠦᠢᠯᠡᠰ ᠢ ᠥᠷᠭᠡᠳᠬᠡᠨ᠂ ᠪᠠᠷᠢᠮᠵᠢᠶ᠎ᠠ ᠶᠢ ᠵᠢᠷᠤᠮᠵᠢᠭᠤᠯᠵᠤ᠂ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ 9 ᠳ᠋ᠦ᠋ᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ | ᠠᠵᠤ ᠠᠬᠤᠶᠢᠯᠠᠯ ᠢ ᠨᠡᠭᠡᠭᠡᠨ ᠡᠷᠬᠢᠯᠡᠬᠦ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠲᠣᠣᠷ ᠢ ᠬᠠᠮᠲᠤᠷᠠᠨ | ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠤᠨ | ᠲᠣᠭᠲᠠᠭᠠᠯ ᠳᠤ ᠨᠡᠶᠢᠴᠡᠬᠦ ᠮᠡᠳᠡᠭᠡ ᠵᠠᠩᠭᠢ ᠶᠢ ᠬᠢᠨᠠᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠭᠰᠠᠨ ᠮᠡᠳᠡᠭᠡ | ᠵᠠᠩᠭᠢ ᠶᠢ ᠬᠢᠨᠠᠨ ᠪᠠᠶᠢᠴᠠᠭᠠᠬᠤ ᠵᠡᠷᠭᠡ 8 ︽ᠨᠢᠭᠡ ᠶᠠᠪᠤᠳᠠᠯ︾ ᠢ ᠲᠥᠪᠯᠡᠷᠡᠭᠦᠯᠦᠨ ᠭᠦᠢᠴᠡᠳᠬᠡᠬᠦ ᠶᠢ ᠯᠠᠪᠳᠠᠭᠤᠨ | ᠪᠠᠲᠤᠲᠠᠢ ᠠᠬᠢᠭᠤᠯᠤᠨ᠎ᠠ᠃ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠭᠠᠵᠠᠷ ᠣᠷᠣᠨ ᠤ ᠣᠨᠴᠠᠯᠢᠭᠲᠤ ︽ᠨᠢᠭᠡ ᠶᠠᠪᠤᠳᠠᠯ︾ ᠢ ᠢᠳᠡᠪᠬᠢᠲᠡᠢ ᠠᠬᠢᠭᠤᠯᠵᠤ᠂ ᠡᠨᠧᠷᠭᠢ᠂ ᠤᠰᠤᠨ | ᠠᠰᠢᠭᠯᠠᠯᠲᠠ᠂ ᠵᠠᠮ ᠬᠠᠷᠢᠯᠴᠠᠭ᠎ᠠ ᠵᠡᠷᠭᠡ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ | ᠨᠢᠭᠡ ᠶᠠᠪᠤᠳᠠᠯ︾ ᠢ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠦᠷᠨᠢᠭᠦᠯᠦᠨ᠎ᠡ︔ ᠲᠦᠩᠯᠢᠶᠣᠤ ᠬᠤᠲᠠ ᠶᠢᠨ ᠲᠣᠰ | ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠦᠢᠳᠬᠡᠯ ᠢ | ᠪᠤᠴᠠᠭᠠᠬᠤ᠂ ᠪᠣᠬᠢᠷᠲᠤᠯ ᠥᠬᠡᠶ ᠰᠠᠭᠠᠭ ᠤᠨ ᠠᠵᠤ ᠦᠢᠯᠡᠰ᠂ ᠡᠷᠳᠡᠨᠢ ᠰᠢᠰᠢ ᠶᠢᠨ ᠠᠵᠤ ᠦᠢᠯᠡᠰ ᠵᠡᠷᠭᠡ 11 | ᠲᠣᠰ ᠬᠤᠲᠠ ᠶᠢᠨ ᠣᠨᠴᠠᠯᠢᠭ ᠲᠠᠢ ︽ᠨᠢᠭᠡ ᠶᠠᠪᠤᠳᠠᠯ︾ ᠢ ᠦᠷᠨᠢᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ᠲᠣᠰ ᠲᠥᠰᠦᠯ ᠤᠨ ᠭᠤᠤᠯᠳᠠᠯᠭ᠎ᠠ ᠲᠠᠢ ᠡᠭᠦᠷᠭᠡ ᠨᠡᠶᠢᠲᠡ 7 ᠵᠦᠢᠯ ᠪᠠᠶᠢᠵᠤ᠂ ᠡᠯ᠎ᠡ ᠵᠦᠢᠯ ᠤᠨ ᠡᠭᠦᠷᠭᠡ ᠶᠢ | ︽ᠲᠦᠩᠯᠢᠶᠣᠤ ᠬᠤᠲᠠ ᠶᠢᠨ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ﹀ 2024 ᠣᠨ ᠤ | ᠭᠤᠤᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ︾ ︵ᠳᠠᠭᠠᠯᠳᠤᠭᠤᠯᠤᠯ 1︶ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠠᠴᠠ ᠬᠠᠷᠢᠭᠤᠴᠠᠨ ᠬᠡᠷᠡᠭᠵᠢᠭᠦᠯᠦᠨ᠎ᠡ᠃ | ︵ᠨᠢᠭᠡ︶ ᠠᠵᠢᠯ ᠤᠨ ᠲᠥᠰᠥᠯ ᠢ ᠨᠠᠷᠢᠯᠢᠭᠵᠢᠭᠤᠯᠤᠨ᠎ᠠ᠃ ︽ᠨᠢᠭᠡ ᠶᠠᠪᠤᠳᠠᠯ ᠨᠢᠭᠡ ᠲᠥᠰᠦᠯ︾ ᠤᠨ ᠵᠠᠷᠴᠢᠮ | ᠶᠣᠰᠣᠭᠠᠷ᠂ ᠲᠦᠷᠦᠭᠦᠯᠡᠬᠦ ᠰᠠᠯᠠᠭ᠎ᠠ ᠮᠥᠴᠢᠷ ᠤᠳ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭ ᠶᠠᠪᠤᠳᠠᠯ | ᠨᠢᠭᠡᠪᠦᠷᠢ ᠶᠢᠨ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠠᠷᠠᠯᠲᠠᠲᠤ ᠡᠭᠦᠷᠭᠡ᠂ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠷᠠᠭᠤᠯᠤᠨ᠂ ᠥᠭᠡᠷᠡᠴᠢᠯᠡᠯᠲᠡ ᠶᠢᠨ | ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠡᠯ᠎ᠡ ᠭᠠᠵᠠᠷ ᠤᠨ ᠬᠢᠨ | ᠬᠤᠲᠠ ᠶᠢᠨ ᠱᠠᠲᠤᠨ ᠤ ᠲᠥᠰᠦᠯ ᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠨᠠᠶᠢᠳᠠᠪᠤᠷᠢᠵᠢᠭᠤᠯᠬᠤ | ᠲᠥᠰᠦᠯ ᠢ ᠲᠤᠭᠲᠠᠭᠠᠨ᠎ᠠ᠃ ︵ᠪᠠᠶᠠᠯᠠᠬᠦᠯᠬᠦ ᠴᠠᠭ ᠤᠨ ᠬᠢᠵᠠᠭᠠᠷ ᠨᠢ᠄ 8 ᠳ᠋ᠣᠭᠠᠷ ᠰᠡᠷ᠎ᠠ ᠶᠢᠨ ᠰᠡᠬᠦᠯᠴᠢ ᠠᠴᠠ | ᠡᠮᠤᠨ᠎ᠠ︶ | ︵ᠬᠤᠶᠠᠷ︶ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠲᠦᠷᠦᠭᠦᠯᠡᠨ ᠬᠢᠬᠦ ᠰᠠᠯᠠᠭ᠎ᠠ ᠮᠥᠴᠢᠷ ᠨᠢ | ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠬᠠᠮᠢᠶ᠎ᠠ ᠪᠥᠬᠦᠶ ᠳᠠᠩ ᠭᠠᠭᠴᠠ ᠵᠦᠢᠯᠡᠰ ᠢ ᠪᠥᠬᠦ ᠬᠤᠲᠠ ᠶᠢᠨ | ᠬᠡᠪᠴᠢᠶᠡᠨ ᠳᠠᠬᠢ ᠬᠦᠴᠦᠨ ᠵᠦᠢᠯ ᠢ ᠨᠢᠭᠡᠳᠦᠯᠲᠡᠶ ᠪᠣᠯᠭᠠᠭᠰᠠᠨ ᠰᠠᠭᠤᠷᠢᠨ ᠳᠡᠭᠡᠷ᠎ᠡ᠂ ︽ᠨᠢᠭᠡ ᠶᠠᠪᠤᠳᠠᠯ︾ ᠳᠤ | ᠬᠤᠯᠪᠣᠭᠳᠠᠬᠤ ᠰᠢᠢᠳᠪᠦᠷᠢᠯᠡᠬᠦ ᠬᠦᠴᠦᠨ ᠵᠦᠢᠯ ᠢ ᠪᠥᠬᠦ ᠲᠠᠯ᠎ᠠ ᠪᠠᠷ ᠡᠮᠬᠢᠯᠡᠵᠦ᠂ ᠡᠮᠦᠨ᠎ᠡ ᠬᠤᠶᠢᠨᠠᠬᠢ ᠲᠠᠰ | ᠳᠠᠷᠠᠭᠠᠯᠠᠯ ᠢ ᠵᠦᠶ ᠵᠣᠬᠢᠰᠲᠠᠶ ᠳᠣᠭᠢᠷᠠᠭᠤᠯᠤᠨ᠂ ᠬᠠᠤᠯᠢ ᠲᠣᠭᠲᠠᠭᠠᠯ ᠶᠣᠰᠣᠭᠠᠷ ᠭᠤᠭᠴᠤᠭ᠎ᠠ ᠶᠢ ᠡᠮᠬᠢᠯᠡᠨ | ᠨᠡᠶᠢᠯᠡᠭᠦᠯᠵᠦ᠂ ᠮᠠᠲ᠋ᠧᠷᠢᠶᠠᠯ ᠢ ᠴᠣᠮᠬᠠᠳᠬᠠᠨ᠂ ᠬᠦᠰᠦᠨᠦᠭᠲᠦ ᠶᠢ ᠨᠢᠭᠡᠳᠬᠡᠵᠦ᠂ ᠴᠤᠪᠤᠷᠠᠯ ᠢ ᠰᠢᠯᠢᠳᠡᠭᠵᠢᠭᠦᠯᠦᠨ᠂ | ᠴᠠᠭ ᠤᠨ ᠬᠢᠵᠠᠭᠠᠷ ᠢ ᠪᠠᠭᠠᠰᠬᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ | ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ︵ᠦᠵᠦᠭᠦᠷ︶ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ | ᠰᠦᠯᠵᠢᠶ᠎ᠡ ᠪᠠᠷ ᠭᠦᠢᠴᠡᠳᠭᠡᠬᠦ︾᠃ ︵ᠪᠠᠶᠠᠯᠠᠬᠦᠯᠬᠦ ᠴᠠᠭ ᠤᠨ ᠬᠢᠵᠠᠭᠠᠷ ᠨᠢ᠄ 8 ᠳ᠋ᠣᠭᠠᠷ ᠰᠡᠷ᠎ᠠ ᠶᠢᠨ | ᠰᠡᠬᠦᠯᠴᠢ ᠠᠴᠠ ᠡᠮᠤᠨ᠎ᠠ︶ | ︵ᠭᠤᠷᠪᠠ︶ ᠬᠡᠷᠡᠭ ᠡᠷᠬᠢᠯᠡᠬᠦ ᠵᠦᠭᠯᠡᠭᠦᠷ ᠢ ᠨᠠᠶᠢᠷᠠᠭᠤᠯᠤᠨ ᠵᠤᠬᠢᠶᠠᠨ᠎ᠠ᠃ ᠲᠦᠷᠦᠭᠦᠯᠡᠨ ᠬᠢᠬᠦ ᠰᠠᠯᠠᠭ᠎ᠠ | ᠮᠥᠴᠢᠷ ᠨᠢ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ | ᠪᠠᠭᠠᠰᠬᠠᠬᠤ᠂ ᠴᠠᠭ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ ᠪᠠᠷ ᠬᠠᠷᠠᠯᠲᠠ ᠪᠣᠯᠭᠠᠵᠤ᠂ ︽ᠨᠢᠭᠡ ᠶᠠᠪᠤᠳᠠᠯ︾ | ᠤᠨ ᠵᠦᠢᠯᠡᠰ ᠲᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠯᠠᠨ ᠵᠦᠢᠯᠡᠰ ᠤᠨ ᠶᠠᠪᠤᠳᠠᠯ | ᠭᠦᠢᠴᠡᠳᠭᠡᠬᠦ ᠪᠠᠶᠢᠳᠠᠯ᠂ ᠲᠤᠭᠲᠠᠭᠠᠭᠰᠠᠨ ᠦᠨᠳᠦᠰᠦ ᠪᠠᠷᠢᠮᠲᠠ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ | ᠭᠤᠶᠤᠴᠢᠯᠠᠬᠤ ᠮᠠᠲ᠋ᠧᠷᠢᠶᠠᠯ᠂ ᠭᠦᠢᠴᠡᠳᠭᠡᠬᠦ ᠴᠤᠪᠤᠷᠠᠯ᠂ ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ᠂ | ᠰᠢᠢᠳᠪᠦᠷᠢᠯᠡᠵᠦ ᠳᠠᠭᠤᠰᠬᠠᠬᠤ ᠴᠠᠭ ᠬᠤᠭᠤᠴᠠᠭ᠎ᠠ᠂ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠰᠢᠢᠳᠪᠦᠷᠢᠯᠡᠬᠦ | ᠬᠦᠴᠦᠨ ᠵᠦᠢᠯ ᠢ ᠨᠠᠷᠢᠯᠢᠬᠵᠢᠭᠤᠯᠤᠨ ᠡᠮᠬᠢᠯᠡᠬᠦ ᠶᠢ ᠵᠣᠬᠢᠶᠠᠨ ᠪᠠᠶᠢᠭᠤᠯᠵᠤ᠂ ᠰᠢᠯᠢᠳᠡᠭᠵᠢᠭᠦᠯᠦᠨ ᠡᠮᠬᠢᠳᠬᠡᠵᠦ᠂ ᠪᠥᠬᠦ | ᠬᠤᠲᠠ ᠶᠢᠨ ᠠᠵᠢᠯ ᠶᠠᠪᠤᠳᠠᠯ ᠭᠦᠢᠴᠡᠳᠭᠡᠬᠦ ᠨᠢᠭᠡᠳᠦᠯᠲᠡᠶ ᠵᠦᠭᠯᠡᠭᠦᠷ ᠢ ᠪᠦᠷᠢᠯᠳᠦᠭᠦᠯᠬᠦ ᠶᠢᠨ ᠬᠠᠮᠲᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠢ ᠠᠳᠠᠯᠢ | ᠢᠷᠡᠯᠲᠡ ᠲᠠᠢ ᠨᠡᠶᠢᠲᠡᠯᠡᠵᠦ᠂ ᠵᠡᠷᠭᠡ ᠪᠠᠷ ᠰᠢᠨᠡᠳᠭᠡᠨ᠎ᠡ᠃ ︵ᠪᠠᠶᠠᠯᠠᠬᠦᠯᠬᠦ ᠴᠠᠭ ᠤᠨ ᠬᠢᠵᠠᠭᠠᠷ ᠨᠢ᠄ 8 ᠳ᠋ᠣᠭᠠᠷ | ᠰᠡᠷ᠎ᠠ ᠶᠢᠨ ᠰᠡᠬᠦᠯᠴᠢ ᠠᠴᠠ ᠡᠮᠤᠨ᠎ᠠ︶ | ︵ᠲᠦᠷᠪᠡ︶ ᠰᠢᠰᠲ᠋ᠧᠮ ᠤᠨ ᠲᠤᠯᠭᠠᠭᠤᠷᠢᠯᠠᠯ ᠢ ᠡᠷᠴᠢᠮᠵᠢᠭᠦᠯᠦᠨ᠎ᠡ᠃ ᠨᠢᠭᠡᠨᠲᠡ ᠰᠢᠰᠲ᠋ᠧᠮ ᠤᠨ ᠰᠠᠭᠤᠷᠢ ᠲᠠᠢ | ︽ᠨᠢᠭᠡ ᠶᠠᠪᠤᠳᠠᠯ︾ ᠤᠨ ᠵᠦᠢᠯᠡᠰ ᠲᠤ ᠴᠢᠭᠯᠡᠭᠦᠯᠦᠨ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ︽ᠨᠢᠭᠡ | ᠶᠠᠪᠤᠳᠠᠯ︾ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠡᠪᠲᠡᠷᠡᠭᠦᠯᠬᠦ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠬᠤ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ | ᠲᠠᠪᠴᠠᠩ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠬᠠᠮᠲᠤᠷᠠᠨ ᠮᠡᠳᠡᠭᠦᠯᠦᠨ ᠤᠭᠰᠠᠷᠠᠬᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠦᠷᠦᠭᠰᠡᠨ ᠬᠡᠦᠬᠡᠳ ᠤᠨ | ᠰᠢᠰᠲ᠋ᠧᠮ ᠢ ᠨᠢᠭᠡᠳᠦᠯᠲᠡᠶ ᠪᠠᠶᠢᠭᠤᠯᠬᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠨ ᠬᠥᠮᠦᠵᠢᠯ ᠤᠨ | ᠡᠭᠦᠯᠡᠨ ᠲᠠᠪᠴᠠᠩ ᠬᠢᠭᠡᠳ ᠡᠯ᠎ᠡ ᠬᠠᠮᠢᠶ᠎ᠠ ᠪᠥᠬᠦᠶ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ | ᠠᠬᠢᠭᠤᠯᠤᠨ᠎ᠠ᠃ ︵ᠪᠠᠶᠠᠯᠠᠬᠦᠯᠬᠦ ᠴᠠᠭ ᠤᠨ ᠬᠢᠵᠠᠭᠠᠷ ᠨᠢ᠄ 9 ᠳ᠋ᠣᠭᠡᠷ ᠰᠠᠷ᠎ᠠ ᠶᠢᠨ ᠰᠡᠬᠦᠯᠴᠢ ᠠᠴᠠ ᠡᠮᠤᠨ᠎ᠠ︶ | ︵ᠲᠠᠪᠤ︶ ᠬᠦᠯᠢᠶᠡᠨ ᠠᠪᠴᠤ ᠰᠢᠢᠳᠪᠦᠷᠢᠯᠡᠬᠦ ᠪᠠ ᠪᠢᠴᠢᠭ ᠮᠠᠲ᠋ᠧᠷᠢᠶᠠᠯ ᠭᠠᠷᠭᠠᠬᠤ ᠠᠷᠭ᠎ᠠ ᠮᠠᠶ᠋ᠢᠭ ᠢ | ᠨᠢᠭᠡᠲᠦᠯᠲᠡᠢ ᠪᠤᠯᠭᠠᠨ᠎ᠠ᠃ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠯᠠᠪᠤᠷ ᠲᠤ ︽ᠨᠢᠭᠡ ᠶᠠᠪᠤᠳᠠᠯ︾ ᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ | ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠤᠬᠢᠷᠠᠭᠤᠯᠵᠤ᠂ ᠰᠦᠯᠵᠢᠶᠡᠨ ᠭᠠᠳᠠᠨᠠᠬᠢ ︽ᠨᠢᠭᠡ ᠴᠣᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠨᠢᠭᠡ ᠶᠠᠪᠤᠳᠠᠯ︾ ᠤᠨ | ᠲᠤᠰᠬᠠᠶ ᠪᠤᠯᠤᠩ ᠳᠤ ᠲᠦᠰᠢᠭᠯᠡᠨ᠂ ᠨᠢᠭᠡᠳᠦᠯᠲᠡᠶ ᠣᠷᠣᠬᠤ ᠡᠭᠦᠳᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ︽ | ᠨᠢᠭᠡ ᠦᠵᠦᠭᠦᠷ ᠢᠶᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠬᠦ ᠶᠢᠨ ᠬᠠᠮᠲᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ︽ᠮᠥᠩᠬᠡ ᠰᠤᠪᠠᠭ︾᠂ ᠨᠢᠭᠲᠠᠷᠠᠭᠤᠯᠤᠨ ᠥᠪᠡᠰᠦᠪᠡᠨ | ᠦᠢᠯᠡᠴᠢᠯᠡᠬᠦ ᠦᠵᠦᠭᠦᠷ ᠵᠡᠷᠭᠡ ᠶᠢ ᠥᠷᠭᠡᠳᠬᠡᠨ᠎ᠡ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠬᠠᠮᠵᠢᠯᠴᠠᠬᠤ | ᠰᠠᠯᠠᠭ᠎ᠠ ᠮᠥᠴᠢᠷ ᠲᠠᠢ ᠬᠠᠮᠲᠤᠷᠠᠨ ︽ᠨᠢᠭᠡ ᠶᠠᠪᠤᠳᠠᠯ︾ ᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠭᠠᠷ ᠳᠡᠪᠲᠡᠷ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠪᠥᠬᠦ ᠬᠤᠲᠠ ᠶᠢᠨ ᠨᠢᠭᠡᠳᠦᠯᠲᠡᠶ ᠪᠢᠴᠢᠭ ᠮᠠᠲ᠋ᠧᠷᠢᠶᠠᠯ ᠭᠥᠯᠢᠶᠡᠨ ᠠᠪᠬᠤ ︵ᠭᠥᠯᠢᠶᠡᠨ ᠠᠪᠴᠤ | ᠰᠢᠢᠳᠪᠦᠷᠢᠯᠡᠬᠦ︶ ᠪᠠᠷᠢᠮᠵᠢᠶ᠎ᠠ ᠶᠢ ᠪᠣᠶ ᠪᠣᠯᠭᠠᠨ᠎ᠠ᠃ ᠪᠢᠴᠢᠭ ᠮᠠᠲ᠋ᠧᠷᠢᠶᠠᠯ ᠭᠠᠷᠭᠠᠬᠤ ᠭᠤᠭᠴᠤᠭ᠎ᠠ ᠶᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠡᠷᠡᠴᠢ | ᠦᠨᠡᠮᠯᠡᠯ ᠭᠠᠷᠭᠠᠬᠤ ᠴᠣᠩᠬᠤᠪᠴᠢ ᠠᠴᠠ ᠴᠣᠩᠬᠤᠪᠴᠢ ᠪᠠᠷ ᠣᠯᠭᠤᠬᠤ᠂ ᠪᠠᠷᠠᠭᠠᠨ ᠤ ᠭᠦᠢᠯᠭᠡᠭᠡᠨ ᠤ ᠲᠦᠷᠭᠡᠨ | ᠬᠦᠷᠭᠡᠯᠲᠡ ᠪᠠᠷ ᠬᠦᠷᠭᠡᠬᠦ ᠵᠡᠷᠭᠡ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂ ᠭᠦᠢᠴᠡᠳᠬᠡᠭᠰᠡᠨ ᠦᠷ᠎ᠡ ᠳ᠋ᠦᠩ | ᠪᠠ ᠪᠣᠳᠠᠲᠤ ᠴᠣᠭᠴᠠ ᠶᠢᠨ ᠭᠡᠷᠡᠴᠢ ᠦᠨᠡᠮᠯᠡᠯ ᠢ ᠭᠤᠶᠤᠴᠢᠯᠠᠭᠴᠢ ᠳᠤ ᠬᠦᠷᠭᠡᠵᠦ᠂ ᠡᠯᠧᠺᠳ᠋ᠷᠤᠨᠴᠢᠯᠠᠭᠰᠠᠨ ᠠᠷᠭ᠎ᠠ | ᠮᠠᠶ᠋ᠢᠭ ᠢᠶᠠᠷ ᠭᠦᠢᠴᠡᠳᠬᠡᠭᠰᠡᠨ ᠦᠷ᠎ᠡ ᠳ᠋ᠦᠩ ᠪᠠ ᠭᠡᠷᠡᠴᠢ ᠦᠨᠡᠮᠯᠡᠯ ᠢ ᠬᠦᠷᠭᠡᠬᠦ ᠶᠢ ᠲᠦᠷᠭᠡᠳᠬᠡᠨ ᠬᠡᠷᠡᠭᠵᠢᠭᠦᠯᠦᠨ᠎ᠡ᠃ | ︵ᠪᠠᠶᠠᠯᠠᠬᠦᠯᠬᠦ ᠴᠠᠭ ᠤᠨ ᠬᠢᠵᠠᠭᠠᠷ ᠨᠢ᠄ 9 ᠳ᠋ᠣᠭᠡᠷ ᠰᠠᠷ᠎ᠠ ᠶᠢᠨ ᠰᠡᠬᠦᠯᠴᠢ ᠠᠴᠠ ᠡᠮᠤᠨ᠎ᠠ︶ | ︵ᠵᠢᠷᠭᠤᠭ᠎ᠠ︶ ︽ᠨᠢᠭᠡ ᠶᠠᠪᠤᠳᠠᠯ︾ ᠤᠨ ᠵᠦᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠳ ᠨᠠᠷᠢᠨ ᠲᠠᠩᠰᠠ ᠶᠢᠨ ᠡᠭᠦᠷᠭᠡ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ | ᠭᠠᠵᠠᠷ ᠣᠷᠣᠨ ᠤ ᠠᠵᠤ ᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ ᠠᠵᠤ ᠠᠬᠤᠶᠢᠯᠠᠯ ᠣᠯᠠᠨ ᠲᠦᠮᠡᠨ ᠤ | ᠠᠵᠢᠯ ᠶᠠᠪᠤᠳᠠᠯ ᠲᠦᠪᠯᠡᠷᠡᠭᠦᠯᠦᠨ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠳᠤ ᠨᠠᠩ ᠣᠯᠠᠨ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠶᠢᠨ ︽ᠨᠢᠭᠡ | ᠶᠠᠪᠤᠳᠠᠯ︾ ᠢ ᠪᠠᠶᠢᠭᠤᠯᠵᠤ᠂ 2024 ᠣᠨ ᠤ 8 ᠰᠠᠷ᠎ᠠ ᠶᠢᠨ 10 ᠤ ᠡᠳᠦᠷ ᠠᠴᠠ ᠡᠮᠦᠨ᠎ᠡ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠤᠷᠢᠶᠠᠩᠭᠤᠶᠢᠯᠠᠨ ᠬᠢᠨᠠᠨ ᠬᠠᠷᠭᠤᠭᠤᠯᠤᠨ᠎ᠠ᠃ ︵ᠪᠡᠶᠡᠯᠡᠭᠦᠯᠬᠦ | ᠴᠠᠭ ᠤᠨ ᠬᠢᠵᠠᠭᠠᠷ᠄ 8 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ︶ | ︵ᠳᠤᠯᠤᠭ᠎ᠠ︶ ᠪᠣᠯᠪᠠᠰᠤᠷᠠᠯ ᠤᠨ ᠵᠢᠯᠣᠭᠤᠳᠤᠯᠭ᠎ᠠ ᠪᠠᠨ ᠴᠢᠩᠭᠠᠳᠬᠠᠨ᠎ᠠ᠃ ᠲᠦᠷᠦᠭᠦᠯᠡᠨ ᠬᠢᠬᠦ ᠰᠠᠯᠠᠭ᠎ᠠ | ᠮᠥᠴᠢᠷ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ᠂ ︽ᠨᠢᠭᠡ ᠶᠠᠪᠤᠳᠠᠯ︾ ᠳᠤ ᠬᠤᠯᠪᠣᠭᠳᠠᠬᠤ ᠬᠢᠨᠠᠨ | ᠵᠥᠪᠰᠢᠶᠡᠷᠡᠬᠦ ᠠᠵᠢᠯᠲᠠᠨ᠂ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠳᠤ ᠲᠤᠰᠬᠠᠶ | ᠵᠦᠢᠯ ᠤᠨ ᠪᠣᠯᠪᠠᠰᠤᠷᠠᠭᠤᠯᠤᠯ ᠢ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ ᠦᠢᠯᠡᠳᠦᠯᠭᠡ ᠶᠢᠨ | ᠠᠵᠢᠯᠯᠠᠭᠠᠨ ᠤ ᠴᠢᠳᠠᠪᠤᠷᠢ ᠶᠢ ᠴᠢᠩᠭᠠᠳᠬᠠᠨ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠤᠪᠤᠷᠠᠯ ᠢ | ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠪᠠ | ᠵᠢᠯᠣᠭᠤᠳᠣᠯᠭ᠎ᠠ ᠬᠠᠩᠭᠠᠵᠤ᠂ ︽ᠨᠢᠭᠡ ᠶᠠᠪᠤᠳᠠᠯ︾ ᠤᠨ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠪᠠᠶᠠᠯᠠᠬᠦᠯᠬᠦ ᠴᠠᠭ ᠤᠨ ᠬᠢᠵᠠᠭᠠᠷ ᠨᠢ᠄ 9 ᠳ᠋ᠣᠭᠡᠷ ᠰᠠᠷ᠎ᠠ ᠶᠢᠨ ᠰᠡᠬᠦᠯᠴᠢ ᠠᠴᠠ ᠡᠮᠤᠨ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠥᠬᠦ ᠬᠤᠲᠠ ᠶᠢᠨ ︽ | ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠲᠦᠪᠯᠡᠷᠡᠭᠦᠯᠦᠨ ᠭᠦᠢᠴᠡᠳᠭᠡᠬᠦ | ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠳᠥᠯᠭᠢᠨ | ᠠᠬᠢᠭᠤᠯᠬᠤ ᠶᠢᠨ ᠲᠥᠯᠥᠭᠡ᠂ ᠲᠦᠷᠦᠭᠦᠯᠡᠨ ᠬᠢᠬᠦ ᠰᠠᠯᠠᠭ᠎ᠠ ᠮᠥᠴᠢᠷ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠡᠯ᠎ᠡ ᠬᠠᠮᠵᠢᠯᠴᠠᠬᠤ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ︽ᠨᠢᠭᠡ ᠶᠠᠪᠤᠳᠠᠯ︾ ᠤᠨ ᠲᠤᠰᠬᠠᠶ | ᠠᠵᠢᠯ ᠤᠨ ᠠᠩᠭᠢ ᠶᠢ ᠵᠣᠬᠢᠶᠠᠨ ᠪᠠᠶᠢᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠲᠤᠰᠬᠠᠶ ᠠᠵᠢᠯ ᠤᠨ | ᠳᠤᠭᠤᠶᠢᠯᠠᠩ ᠤᠨ ᠡᠳᠦᠷ ᠲᠤᠲᠤᠮ ᠤᠨ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠰᠠᠷ᠎ᠠ ᠪᠦᠷᠢ ᠶᠢᠨ | 25 ᠤ ᠡᠳᠦᠷ ᠠᠴᠠ ᠡᠮᠦᠨ᠎ᠡ ᠲᠤᠰᠬᠠᠶ ᠠᠵᠢᠯ ᠤᠨ ᠠᠩᠭᠢ ᠶᠢᠨ ︽ᠨᠢᠭᠡ ᠶᠠᠪᠤᠳᠠᠯ︾ ᠢ ᠳᠥᠯᠭᠢᠨ ᠠᠬᠢᠭᠤᠯᠤᠭᠰᠠᠨ | ᠪᠠᠶᠢᠳᠠᠯ ᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠲᠤᠮᠤ ᠳ᠋ᠡᠶᠢᠲ᠋ᠠ ᠶᠢᠨ ᠲᠤᠪᠴᠢᠶ᠎ᠠ ᠳᠤ ᠮᠡᠳᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢᠭᠡ ᠬᠤᠯᠪᠣᠭᠠᠯᠠᠭᠴᠢ ᠲᠣᠭᠲᠠᠭᠠᠵᠤ᠂ 8 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠮᠤ ᠳ᠋ᠡᠶᠢᠲ᠋ᠠ ᠶᠢᠨ | ᠲᠣᠪᠴᠢᠶ᠎ᠠ ᠳᠤ ᠮᠡᠳᠡᠭᠦᠯᠦᠨ᠎ᠡ᠃ ᠬᠠᠷᠢᠯᠴᠠᠬᠤ ᠤᠲᠠᠰᠤ᠄ 8910990᠂ ᠢᠮᠧᠯ᠄ tlszwzxzwk@126. | com | ︵ᠬᠤᠶᠠᠷ︶ ᠵᠤᠬᠢᠴᠠᠭᠤᠯᠵᠤ ᠬᠠᠮᠵᠢᠯᠴᠠᠬᠤ ᠪᠠᠨ ᠴᠢᠩᠭᠠᠳᠬᠠᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ | ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ ᠪᠠᠶᠢᠭᠠᠳ | ᠴᠤᠪᠤᠷᠠᠯ ᠢ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠬᠤ᠂ | ᠰᠢᠰᠲ᠋ᠧᠮ ᠢ ᠵᠣᠯᠭᠠᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠤᠯᠪᠣᠭᠠᠯᠠᠨ ᠬᠥᠳᠡᠯᠦᠯᠴᠡᠵᠦ ᠬᠢᠨᠠᠨ | ᠵᠥᠪᠰᠢᠶᠡᠷᠡᠬᠦ᠂ ᠡᠯᠧᠺᠳ᠋ᠷᠦᠨ ᠦᠨᠡᠮᠯᠡᠯ ᠤᠨ ᠬᠡᠷᠡᠭᠯᠡᠯᠲᠡ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ | ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢ ᠠᠬᠢᠭᠤᠯᠬᠤ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ ᠬᠠᠮᠵᠢᠯᠴᠠᠬᠤ ᠰᠠᠯᠠᠭ᠎ᠠ ᠮᠥᠴᠢᠷ ᠤᠳ ᠲᠦᠷᠦᠭᠦᠯᠡᠨ ᠬᠢᠬᠦ | ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠢᠶ᠎ᠠ | ᠪᠦᠬᠦᠢ ᠠᠵᠢᠯ ᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠰᠠᠯᠠᠭ᠎ᠠ ᠮᠥᠴᠢᠷ | ᠠᠯᠤᠰᠯᠠᠭᠰᠠᠨ ᠵᠤᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ | ᠶᠠᠪᠤᠳᠠᠯ ᠢ ᠭᠦᠢᠴᠡᠳᠭᠡᠬᠦ︾ ᠠᠵᠢᠯ ᠢ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠨᠢᠭᠡ ᠶᠠᠪᠤᠳᠠᠯ︾ ᠤᠨ ᠠᠵᠢᠯ ᠢ ᠢᠳᠡᠪᠬᠢᠲᠡᠶ ᠪᠠᠷ ᠲᠦᠯᠬᠢᠨ | ᠠᠬᠢᠭᠤᠯᠬᠤ ᠶᠢᠨ ᠬᠠᠮᠲᠤ ᠴᠢᠬᠤᠯᠠ ᠪᠦᠬᠦᠢ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ᠂ | ᠲᠤᠭ᠎ᠠ ᠪᠠᠷᠢᠮᠲᠠ ᠵᠡᠷᠭᠡ ᠶᠢᠨ ᠳᠡᠮᠵᠢᠯᠭᠡ ᠬᠠᠩᠭᠠᠬᠤ ᠬᠡᠷᠡᠭᠲᠡᠶ᠃ | ︵ᠭᠤᠷᠪᠠ︶ ᠱᠠᠯᠠᠪᠳᠠᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ | ᠭᠦᠢᠴᠡᠳᠭᠡᠬᠦ︾ ᠶᠢ ᠦᠨᠡᠨ ᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠣᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠬᠤ ᠶᠢᠨ ᠬᠠᠮᠲᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠭᠠᠨ ᠦᠨᠡᠯᠡᠬᠦ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ | ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ ᠲᠤᠬᠢᠷᠠᠭᠤᠯᠵᠤ᠂ ᠠᠬᠢᠴᠠ ᠶᠢᠨ | ᠪᠠᠶᠢᠳᠠᠯ ᠢᠶᠠᠨ ᠮᠡᠳᠡᠭᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠤᠬᠠᠭᠤᠯᠤᠨ ᠲᠠᠨᠢᠯᠴᠠᠭᠤᠯᠬᠤ ᠶᠢ ᠢᠳᠡᠪᠬᠢᠲᠡᠶ ᠥᠷᠨᠢᠭᠦᠯᠵᠦ᠂ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠢ ᠢᠳᠡᠪᠬᠢᠲᠡᠶ ᠪᠠᠷ | ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷᠡᠬᠢ ︽ᠨᠢᠭᠡ ᠶᠠᠪᠤᠳᠠᠯ︾ ᠤᠨ ᠲᠤᠰᠬᠠᠶ ᠪᠤᠯᠤᠩ ᠪᠤᠶᠤ | ᠰᠦᠯᠵᠢᠶᠡᠨ ᠭᠠᠳᠠᠨᠠᠬᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠪᠠᠷ ᠳᠠᠮᠵᠢᠭᠤᠯᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠤᠨ ᠪᠣᠳᠠᠲᠠᠶ ᠠᠴᠠ ᠡᠭᠦᠰᠴᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠢᠳᠡᠪᠬᠢᠲᠡᠶ | ᠰᠦᠪᠡᠭᠴᠢᠯᠡᠬᠦ ᠶᠢ ᠵᠣᠷᠢᠭᠵᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ | ᠨᠡᠶᠢᠲᠡᠯᠢᠭ ᠬᠡᠷᠡᠭ ᠤᠨ ᠵᠢᠱᠢᠶ᠎ᠡ ᠪᠠ ᠠᠮᠵᠢᠯᠲᠠ ᠲᠠᠢ ᠠᠷᠭ᠎ᠠ ᠬᠢᠳᠡᠯ ᠢᠶᠠᠨ ᠳᠡᠯᠭᠡᠷᠡᠭᠦᠯᠦᠨ᠎ᠡ᠃ |