︽ᠲᠤᠮᠳᠠᠳᠤ ᠤᠯᠤᠰ ᠤᠨ ᠠᠨᠠᠭᠠᠬᠤ ᠤᠬᠠᠭᠠᠨ ᠤ ᠨᠡᠪᠲᠡᠷᠬᠡᠢ ᠲᠣᠯᠢ ᠮᠣᠩᠭᠤᠯ ᠠᠨᠠᠭᠠᠬᠤ ᠤᠬᠠᠭᠠᠨ︾ | ᠮᠣᠩᠭᠤᠯ ᠠᠨᠠᠭᠠᠬᠤ ᠤᠬᠠᠭᠠᠨ ᠪᠣᠯ ᠬᠤᠪᠢᠰᠤᠩᠭᠤᠢ ᠠᠷᠭ᠎ᠠ ᠪᠠᠷ ᠡᠮᠨᠡᠬᠦ ᠶᠢ ᠭᠤᠣᠯ ᠪᠣᠯᠭᠠᠨ᠂ ᠬᠥᠮᠥᠨ ᠤ ᠪᠡᠶ᠎ᠡ | ᠶᠢ ᠡᠰᠡᠷᠭᠦᠴᠡᠯᠳᠦᠬᠦ ᠨᠢᠭᠡᠳᠬᠦ ᠨᠢᠭᠡᠨ ᠪᠦᠬᠦᠯᠢ ᠴᠣᠭᠴᠠ ᠪᠠᠷ ᠦᠵᠡᠵᠦ᠂ ᠬᠤᠷᠸ᠎ᠠ ᠦᠵᠡᠯᠲᠡ ᠶᠢᠨ ᠡᠭᠦᠳᠡᠨ ᠠᠴᠠ | ᠬᠥᠮᠥᠨ ᠤ ᠪᠡᠶ᠎ᠡ ᠶᠢᠨ ᠬᠥᠳᠡᠯᠦᠯᠲᠡ ᠶᠢᠨ ᠡᠯ᠎ᠡ ᠳᠣᠲᠣᠭᠠᠳᠤ ᠬᠠᠷᠢᠴᠠᠭ᠎ᠠ ᠶᠢ ᠰᠢᠨᠵᠢᠯᠡᠨ ᠰᠤᠳᠤᠯᠬᠤ ᠪᠠ ᠠᠮᠢ | ᠨᠠᠰᠤᠨ ᠤ ᠬᠥᠳᠡᠯᠭᠡᠭᠡᠨ ᠤ ᠦᠨᠳᠦᠰᠦᠨ ᠵᠢᠮ᠎ᠡ ᠶᠣᠰᠣ ᠶᠢ ᠲᠠᠶᠢᠯᠪᠤᠷᠢᠯᠠᠨ᠂ ᠤᠷᠢᠳᠴᠢᠯᠠᠨ ᠰᠡᠷᠭᠡᠶᠢᠯᠡᠬᠦ᠂ ᠡᠷᠡᠭᠦᠯ | ᠮᠡᠨᠳᠤ ᠶᠢ ᠬᠠᠮᠠᠭᠠᠯᠠᠬᠤ᠂ ᠡᠮᠴᠢᠯᠡᠭᠡ ᠳᠤ ᠦᠢᠯᠡᠴᠢᠯᠡᠬᠦ ᠦᠨᠳᠦᠰᠦᠲᠡᠨ ᠤ ᠣᠨᠴᠠᠯᠢᠭ ᠪᠦᠬᠦᠢ ᠨᠢᠭᠡ ᠲᠥᠷᠤᠯ ᠤᠨ | ᠠᠨᠠᠭᠠᠬᠤ ᠰᠢᠨᠵᠢᠯᠡᠬᠦ ᠤᠬᠠᠭᠠᠨ ᠮᠥᠨ᠃ ᠲᠡᠷᠡ ᠨᠢ ᠤᠷᠳᠤ ᠤᠳᠠᠭᠠᠨ ᠬᠤᠭᠤᠴᠠᠭᠠᠨ ᠤ ᠡᠮᠴᠢᠯᠡᠭᠡᠨ ᠤ | ᠦᠢᠯᠡᠳᠦᠯᠭᠡ ᠶᠢᠨ ᠳᠤᠮᠳᠠ ᠠᠭᠠᠵᠢᠮ ᠢᠶᠠᠷ ᠪᠠᠶᠠᠯᠢᠭᠵᠢᠨ ᠬᠥᠭᠵᠢᠬᠦ ᠶᠢᠨ ᠳᠠᠭᠠᠤ ᠪᠠᠰᠠ ᠬᠢᠲᠠᠳ ᠲᠥᠪᠡᠳ ᠵᠡᠷᠭᠡ | ᠠᠬ᠎ᠠ ᠳᠡᠭᠦᠦ ᠦᠨᠳᠦᠰᠦᠲᠡᠨ ᠪᠣᠯᠣᠨ ᠡᠨᠡᠳᠬᠡᠭ ᠤᠨ ᠠᠨᠠᠭᠠᠬᠤ ᠤᠬᠠᠭᠠᠨ ᠤ ᠤᠨᠤᠯ ᠪᠦᠲᠦᠭᠡᠯ ᠢ ᠪᠦᠲᠦᠭᠡᠯᠴᠢ ᠪᠠᠷ | ᠰᠢᠩᠭᠡᠬᠡᠨ ᠠᠪᠴᠤ ᠤᠯᠠᠮ ᠢᠶᠠᠷ ᠲᠡᠭᠦᠯᠳᠡᠷᠵᠢᠨ᠂ ᠪᠡᠶ᠎ᠡ ᠪᠠᠨ ᠳᠠᠭᠠᠭᠠᠭᠰᠠᠨ ᠠᠨᠠᠭᠠᠬᠤ ᠤᠬᠠᠭᠠᠨ ᠤ ᠰᠢᠰᠲ᠋ᠧᠮ | ᠪᠣᠯᠣᠨ ᠪᠦᠷᠢᠯᠳᠦᠪᠡ᠃ | | | | | | ᠮᠣᠩᠭᠤᠯ ᠡᠮ ᠡᠮᠨᠡᠯᠭᠡ ᠶᠢᠨ ᠤᠬᠠᠭᠠᠨ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠠᠨᠠᠭᠠᠬᠤ ᠤᠬᠠᠭᠠᠨ᠂ | ᠲᠤᠮᠳᠠᠳᠤ ᠤᠯᠤᠰ ᠤᠨ ᠠᠨᠠᠭᠠᠬᠤ ᠤᠬᠠᠭᠠᠨ ᠤ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠮᠣᠩᠭᠤᠯ ᠡᠮ ᠡᠮᠨᠡᠯᠭᠡ | ᠪᠣᠯ ᠮᠣᠩᠭᠤᠯ ᠦᠨᠳᠦᠰᠦᠲᠡᠨ ᠤ ᠠᠷᠠᠳ ᠲᠦᠮᠡᠨ ᠤ ᠡᠪᠡᠳᠴᠢᠨ ᠡᠮᠭᠡᠭ ᠲᠠᠢ ᠲᠡᠮᠡᠴᠡᠭᠰᠡᠨ ᠲᠤᠷᠰᠢᠯᠭ᠎ᠠ ᠶᠢᠨ | ᠳ᠋ᠦᠩᠨᠡᠯᠲᠡ ᠪᠤᠯᠬᠤ ᠪᠥᠭᠡᠳ ᠮᠣᠩᠭᠤᠯ ᠡᠮ ᠡᠮᠨᠡᠯᠭᠡ ᠶᠢᠨ ᠥᠪᠡᠷᠮᠢᠴᠡ ᠤᠨᠤᠯ ᠤᠨ ᠰᠢᠰᠲ᠋ᠧᠮ ᠢ ᠪᠦᠷᠢᠯᠳᠦᠭᠦᠯᠵᠦ᠂ | ᠡᠷᠬᠢᠮ ᠨᠠᠨᠳᠢᠨ ᠡᠮᠴᠢᠯᠡᠭᠡᠨ ᠤ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠮᠣᠩᠭᠤᠯ ᠡᠮᠨᠡᠯᠭᠡ ᠶᠢᠨ ᠲᠡᠦᠬᠡ | ᠶᠢᠨ ᠡᠷᠳᠡᠮᠲᠡᠳ ᠮᠣᠩᠭᠤᠯ ᠦᠨᠳᠦᠰᠦᠲᠡᠨ ᠤ ᠨᠡᠶᠢᠭᠡᠮ᠂ ᠠᠵᠤ ᠠᠬᠤᠢ᠂ ᠰᠣᠶᠣᠯ ᠪᠣᠯᠣᠨ ᠮᠣᠩᠭᠤᠯ ᠡᠮ ᠡᠮᠨᠡᠯᠭᠡ | ᠶᠢᠨ ᠲᠤᠰ ᠪᠡᠶ᠎ᠡ ᠶᠢᠨ ᠬᠥᠭᠵᠢᠯᠲᠡ ᠶᠢᠨ ᠵᠢᠮ᠎ᠡ ᠶᠣᠰᠣ ᠪᠠ ᠣᠨᠴᠠᠯᠢᠭ ᠢ ᠦᠨᠳᠦᠰᠦᠯᠡᠵᠦ᠂ ᠮᠣᠩᠭᠤᠯ ᠡᠮ ᠡᠮᠨᠡᠯᠭᠡ | ᠶᠢᠨ ᠤᠬᠠᠭᠠᠨ ᠤ ᠬᠥᠭᠵᠢᠯᠲᠡ ᠶᠢᠨ ᠶᠠᠪᠤᠴᠠ ᠶᠢ ᠮᠣᠩᠭᠤᠯ ᠡᠮ ᠡᠮᠨᠡᠯᠭᠡ ᠶᠢᠨ ᠤᠬᠠᠭᠠᠨ ᠤ ᠰᠣᠶᠣᠭᠠᠯᠠᠯ ᠪᠠ | ᠲᠤᠷᠰᠢᠯᠭ᠎ᠠ ᠬᠤᠷᠠᠮᠳᠤᠭᠤᠯᠤᠭᠰᠠᠨ ᠴᠠᠭ ᠦᠶ᠎ᠡ᠂ ᠡᠷᠲᠡᠨ ᠤ ᠮᠣᠩᠭᠤᠯ ᠡᠮ ᠡᠮᠨᠡᠯᠭᠡ ᠶᠢᠨ ᠤᠬᠠᠭᠠᠨ ᠪᠤᠢ | ᠪᠣᠯᠤᠭᠰᠠᠨ ᠴᠠᠭ ᠦᠶ᠎ᠡ᠂ ᠮᠣᠩᠭᠤᠯ ᠡᠮ ᠡᠮᠨᠡᠯᠭᠡ ᠶᠢᠨ ᠤᠬᠠᠭᠠᠨ ᠤ ᠬᠥᠭᠵᠢᠯᠲᠡ ᠶᠢᠨ ᠴᠠᠭ ᠦᠶ᠎ᠡ ᠪᠠ ᠣᠳᠣ | ᠦᠶ᠎ᠡ ᠶᠢᠨ ᠮᠣᠩᠭᠤᠯ ᠡᠮ ᠡᠮᠨᠡᠯᠭᠡ ᠶᠢᠨ ᠤᠬᠠᠭᠠᠨ ᠤ ᠬᠥᠭᠵᠢᠯᠲᠡ ᠶᠢᠨ ᠴᠠᠭ ᠦᠶ᠎ᠡ ᠵᠡᠷᠭᠡ ᠬᠡᠳᠦᠨ ᠱᠠᠲᠤ | ᠬᠤᠪᠢᠶᠠᠵᠠᠢ᠃ ᠡᠳᠡᠭᠡᠷ ᠲᠡᠦᠬᠡᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠦᠭᠰᠡᠨ ᠮᠣᠩᠭᠤᠯ ᠡᠮ ᠡᠮᠨᠡᠯᠭᠡ ᠶᠢᠨ | ᠦᠢᠯᠡᠰ ᠤᠳᠤ ᠳᠡᠯᠡᠬᠡᠢ ᠳᠤ ᠭᠠᠶᠢᠬᠠᠭᠳᠠᠭᠰᠠᠨ ᠰᠢᠵᠢᠷ ᠠᠯᠳᠠᠨ ᠴᠠᠭ ᠦᠶ᠎ᠡ ᠪᠠᠨ ᠤᠭᠲᠤᠨ ᠠᠪᠤᠭᠰᠠᠨ ᠪᠠᠶᠢᠨ᠎ᠠ᠃ | ᠥᠨᠢ ᠤᠳᠠᠭᠠᠨ ᠲᠡᠦᠬᠡ ᠲᠠᠢ ᠮᠣᠩᠭᠤᠯ ᠡᠮ ᠡᠮᠨᠡᠯᠭᠡ | ᠮᠣᠩᠭᠤᠯ ᠡᠮ ᠡᠮᠨᠡᠯᠭᠡ ᠶᠢᠨ ᠡᠬᠢ ᠡᠭᠦᠰᠦᠯ ᠢ ᠶᠠᠷᠢᠬᠤ ᠪᠠᠷ᠂ ᠲᠡᠷᠡ ᠨᠢ ᠮᠣᠩᠭᠤᠯ ᠤᠨ ᠥᠨᠳᠦᠷᠯᠢᠭ ᠲᠤ | ᠰᠠᠭᠤᠷᠢᠰᠢᠵᠤ ᠪᠠᠶᠢᠭ᠎ᠠ ᠤᠮᠠᠷᠠᠲᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠷᠲᠤ ᠬᠤᠭᠤᠴᠠᠭᠠᠨ ᠤ | ᠦᠢᠯᠡᠳᠪᠦᠷᠢᠯᠡᠯ ᠠᠮᠢᠳᠤᠷᠠᠯ ᠤᠨ ᠲᠡᠦᠬᠡᠨ ᠶᠠᠪᠤᠴᠠ ᠳᠤ ᠪᠠᠶᠢᠭᠠᠯᠢ ᠪᠠ ᠡᠪᠡᠳᠴᠢᠨ ᠲᠠᠬᠤᠯ ᠲᠠᠢ ᠲᠡᠮᠡᠴᠡᠬᠦ ᠳᠤᠮᠳᠠ | ᠬᠤᠷᠠᠮᠳᠤᠭᠤᠯᠤᠭᠰᠠᠨ ᠡᠮ ᠬᠡᠷᠡᠭᠯᠡᠬᠦ ᠲᠤᠷᠰᠢᠯᠭ᠎ᠠ ᠶᠢᠨ ᠤᠭᠢ ᠲᠠᠯᠠᠰᠲᠤ ᠪᠠ ᠦᠢᠯᠡᠳᠦᠯᠭᠡ ᠪᠦᠲᠦᠭᠡᠯ ᠪᠤᠯᠬᠤ ᠶᠤᠮ᠃ | | ᠨᠡᠶᠢᠳᠡ ᠶᠢᠨ ᠣᠨ ᠲᠣᠭᠠᠯᠠᠯ ᠤᠨ 7 ᠳ᠋ᠤᠭᠠᠷ ᠵᠠᠭᠤᠨ ᠠᠴᠠ ᠡᠮᠦᠨ᠎ᠡ᠂ ᠮᠣᠩᠭᠤᠯ ᠦᠨᠳᠦᠰᠦᠲᠡᠨ ᠤ ᠡᠪᠦᠭᠡ | ᠳᠡᠭᠡᠳᠦᠰ ᠥᠷᠭᠡᠨ ᠠᠭᠤᠳᠠᠮ ᠲᠠᠯ᠎ᠠ ᠨᠤᠲᠤᠭ ᠳᠡᠭᠡᠷ᠎ᠡ ᠤᠰᠤ ᠪᠡᠯᠴᠢᠭᠡᠷ ᠢ ᠲᠠᠭᠠᠨ ᠨᠡᠭᠦᠳᠡᠯᠯᠡᠨ ᠮᠠᠯᠵᠢᠵᠤ᠂ ᠠᠩ | ᠠᠩᠨᠠᠳᠠᠭ ᠪᠠᠶᠢᠵᠠᠢ᠃ ᠪᠠᠶᠢᠭᠠᠯᠢ ᠶᠢᠷᠲᠢᠨᠴᠦ ᠶᠢᠨ ᠡᠯ᠎ᠡ ᠵᠦᠢᠯ ᠤᠨ ᠠᠮᠢᠳᠠᠨ᠂ ᠤᠷᠭᠤᠮᠠᠯ᠂ ᠬᠠᠯᠠᠭᠤᠨ ᠷᠠᠰᠢᠶᠠᠨ᠂ | ᠡᠷᠦᠳᠡᠰᠦ ᠵᠡᠷᠭᠡ ᠲᠠᠢ ᠥᠷᠭᠡᠨ ᠢᠶᠠᠷ ᠣᠶᠢᠷᠠᠳᠬᠤ ᠶᠠᠪᠤᠴᠠ ᠳᠤ ᠡᠪᠡᠳᠴᠢᠨ ᠡᠮᠭᠡᠭ ᠢ ᠡᠮᠨᠡᠨ ᠵᠠᠰᠠᠵᠤ ᠴᠢᠳᠠᠬᠤ | ᠡᠮ ᠳᠤ ᠬᠡᠷᠡᠭᠯᠡᠬᠦ ᠠᠮᠢᠳᠠᠨ᠂ ᠤᠷᠭᠤᠮᠠᠯ᠂ ᠡᠷᠦᠳᠡᠰᠦ ᠶᠢ ᠢᠯᠡᠷᠡᠭᠦᠯᠬᠦ ᠶᠢᠨ ᠵᠡᠷᠭᠡ ᠪᠠᠷ ᠪᠠᠰᠠ ᠡᠯ᠎ᠡ ᠵᠦᠢᠯ ᠤᠨ | ᠡᠪᠡᠳᠴᠢᠨ ᠡᠮᠭᠡᠭ ᠤᠨ ᠡᠮᠨᠡᠨ ᠵᠠᠰᠠᠬᠤ ᠳᠤ ᠳᠠᠭᠢᠨ ᠳᠠᠪᠲᠠᠨ ᠬᠡᠷᠡᠭᠯᠡᠵᠡᠢ᠃ ᠡᠶᠢᠨ ᠬᠦ ᠮᠡᠳᠡᠯᠭᠡ ᠪᠠ ᠲᠤᠷᠰᠢᠯᠭ᠎ᠠ | ᠶᠢᠨ ᠬᠤᠷᠠᠮᠳᠤᠭᠤᠯᠤᠯ ᠢ ᠳᠠᠭᠠᠯᠳᠤᠨ ᠲᠤᠬᠠᠢ ᠶᠢᠨ ᠦᠶ᠎ᠡ ᠶᠢᠨ ᠨᠡᠶᠢᠭᠡᠮ ᠤᠨ ᠠᠮᠢᠳᠤᠷᠠᠯ ᠤᠨ ᠨᠥᠬᠦᠴᠡᠯ ᠳᠤ | ᠵᠣᠬᠢᠴᠠᠭᠰᠠᠨ ᠮᠣᠩᠭᠤᠯ ᠡᠮ ᠡᠮᠨᠡᠯᠭᠡ ᠶᠢᠨ ᠮᠡᠳᠡᠯᠭᠡ ᠪᠤᠢ ᠪᠣᠯᠤᠭᠰᠠᠨ ᠠᠵᠢ᠃ | ᠨᠡᠶᠢᠲᠡ ᠶᠢᠨ ᠣᠨ ᠲᠣᠭᠠᠯᠠᠯ ᠤᠨ 10 ᠳ᠋ᠤᠭᠠᠷ ᠵᠠᠭᠤᠨ ᠤ ᠰᠡᠭᠦᠯᠴᠢ ᠠᠴᠠ ᠨᠡᠶᠢᠲᠡ ᠶᠢᠨ ᠣᠨ ᠲᠣᠭᠠᠯᠠᠯ ᠤᠨ | 16 ᠳ᠋ᠤᠭᠠᠷ ᠵᠠᠭᠤᠨ ᠤ ᠰᠡᠭᠦᠯᠴᠢ ᠬᠦᠷᠲᠡᠯᠡᠬᠢ ᠬᠤᠭᠤᠴᠠᠭ᠎ᠠ ᠪᠣᠯ ᠮᠣᠩᠭᠤᠯ ᠡᠮ ᠤᠨ ᠰᠤᠳᠤᠯᠤᠯ ᠪᠦᠷᠢᠯᠳᠦᠭᠰᠡᠨ | ᠦᠶ᠎ᠡ ᠪᠣᠯᠣᠨ᠎ᠠ᠃ ᠨᠡᠶᠢᠲᠡ ᠶᠢᠨ ᠣᠨ ᠲᠣᠭᠠᠯᠠᠯ ᠤᠨ 10 ᠳ᠋ᠤᠭᠠᠷ ᠵᠠᠭᠤᠨ ᠤ ᠰᠡᠭᠦᠯᠴᠢ ᠪᠠᠷ ᠮᠣᠩᠭᠤᠯ ᠤᠨ ᠡᠯ᠎ᠡ | ᠠᠶᠢᠮᠠᠭ ᠠᠭᠠᠵᠢᠮ ᠢᠶᠠᠷ ᠬᠦᠴᠦᠷᠬᠡᠭᠵᠢᠨ ᠬᠥᠭᠵᠢᠪᠡ᠃ ᠹᠧᠣᠳᠠᠯ ᠨᠡᠶᠢᠭᠡᠮ ᠳᠤ ᠣᠷᠣᠬᠤ ᠶᠢ ᠳᠠᠭᠠᠯᠳᠤᠨ ᠮᠣᠩᠭᠤᠯ | ᠦᠨᠳᠦᠰᠦᠲᠡᠨ ᠬᠢᠭᠡᠳ ᠤᠯᠤᠰ ᠤᠨ ᠳᠣᠲᠣᠭᠠᠳᠤ ᠶᠢᠨ ᠡᠯ᠎ᠡ ᠦᠨᠳᠦᠰᠦᠲᠡᠨ ᠤ ᠰᠣᠶᠣᠯ ᠤᠨ ᠰᠣᠯᠢᠯᠴᠠᠭ᠎ᠠ ᠪᠣᠯᠣᠨ | ᠳᠤᠮᠳᠠᠳᠤ ᠥᠷᠥᠨᠡᠳᠠᠬᠢᠨ ᠤ ᠰᠣᠶᠣᠯ ᠤᠨ ᠰᠣᠯᠢᠯᠴᠠᠭ᠎ᠠ ᠣᠯᠠᠰᠢᠷᠠᠪᠠ᠃ ᠮᠣᠩᠭᠤᠯ ᠡᠮ ᠡᠮᠨᠡᠯᠭᠡ ᠶᠢᠨ ᠣᠨᠣᠯ ᠵᠢᠴᠢ | ᠵᠠᠬ᠎ᠠ ᠳᠡᠯᠭᠡᠭᠦᠷ ᠨᠡᠯᠢᠶᠡᠳ ᠶᠡᠭᠡ ᠠᠬᠢᠯᠲᠠ ᠲᠠᠢ ᠪᠣᠯᠵᠤ᠂ ᠮᠣᠩᠭᠤᠯ ᠦᠨᠳᠦᠰᠦᠲᠡᠨ ᠤ ᠡᠮᠴᠢ ᠶᠢᠨ ᠬᠡᠷᠡᠭᠯᠡᠬᠦ | ᠡᠮ ᠤᠨ ᠲᠦᠷᠦᠯ ᠵᠦᠢᠯ ᠴᠤ ᠡᠳᠦᠷ ᠢᠷᠡᠬᠦᠶ᠎ᠡ ᠣᠯᠠᠰᠢᠷᠠᠵᠤ᠂ ᠡᠮ ᠤᠨ ᠮᠡᠳᠡᠯᠭᠡ ᠨᠡᠩ ᠪᠠᠶᠠᠯᠢᠭᠵᠢᠨ ᠡᠮ ᠤᠨ ᠣᠨᠣᠯ | ᠴᠤ ᠠᠭᠠᠵᠢᠮ ᠢᠶᠠᠷ ᠪᠤᠢ ᠪᠣᠯᠵᠠᠢ᠃ | | | | | | 16 ᠳ᠋ᠤᠭᠠᠷ ᠵᠠᠭᠤᠨ ᠠᠴᠠ ᠬᠤᠶᠢᠰᠢ᠂ ᠮᠣᠩᠭᠤᠯ ᠤᠨ ᠠᠵᠤ ᠠᠬᠤᠢ ᠰᠣᠶᠣᠯ ᠤᠨ ᠬᠥᠭᠵᠢᠯᠲᠡ ᠶᠢ ᠳᠠᠭᠠᠯᠳᠤᠨ | ᠤᠤᠯ ᠤᠨ ᠠᠮᠠᠨ ᠤᠩᠰᠢᠯᠭ᠎ᠠ ᠶᠢᠨ ᠤᠯᠠᠮᠵᠢᠯᠠᠯ ᠨᠢ ᠠᠭᠠᠵᠢᠮ ᠢᠶᠠᠷ ᠦᠰᠦᠭ ᠪᠢᠴᠢᠭ ᠤᠨ ᠲᠡᠮᠳᠡᠭᠯᠡᠯ ᠪᠣᠯᠣᠨ | ᠬᠥᠭᠵᠢᠵᠦ᠂ ᠴᠥᠭᠡᠨ ᠪᠤᠰᠤ ᠮᠣᠩᠭᠤᠯ ᠡᠮ ᠡᠮᠨᠡᠯᠭᠡ ᠶᠢᠨ ᠵᠣᠬᠢᠶᠠᠯ ᠪᠦᠲᠦᠭᠡᠯ ᠮᠡᠨᠳᠤᠯᠡᠪᠡ᠃ ᠡᠨᠡ ᠬᠦ | ᠬᠤᠭᠤᠴᠠᠭᠠᠨ ᠤ ᠮᠣᠩᠭᠤᠯ ᠡᠮ ᠡᠮᠨᠡᠯᠭᠡ ᠶᠢᠨ ᠤᠬᠠᠭᠠᠨ ᠨᠢ ᠪᠦᠷᠢᠨ ᠪᠦᠲᠦᠨ ᠣᠨᠣᠯ ᠤᠨ ᠰᠢᠰᠲ᠋ᠧᠮ ᠢ | ᠪᠦᠷᠢᠯᠳᠦᠭᠦᠯᠦᠭᠰᠡᠨ ᠪᠠᠶᠢᠨ᠎ᠠ᠃ ᠲᠡᠷᠡ ᠮᠥᠷᠲᠡᠭᠡᠨ ᠲᠤᠶᠢᠯ ᠤᠨ ᠡᠷᠬᠢᠮ ᠨᠠᠨᠳᠢᠨ ᠡᠮᠴᠢᠯᠡᠭᠡᠨ ᠤ ᠲᠤᠷᠰᠢᠯᠭ᠎ᠠ ᠪᠠ | ᠡᠯᠪᠡᠭ ᠪᠠᠶᠠᠯᠢᠭ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠬᠤᠷᠠᠮᠳᠤᠭᠤᠯᠵᠤ᠂ ᠮᠣᠩᠭᠤᠯ ᠡᠮ ᠡᠮᠨᠡᠯᠭᠡ ᠶᠢᠨ | ᠮᠡᠳᠡᠯᠭᠡ ᠶᠢ ᠵᠠᠯᠭᠠᠮᠵᠢᠯᠠᠨ ᠬᠥᠭᠵᠢᠭᠦᠯᠬᠦ ᠳᠤ ᠢᠳᠡᠪᠬᠢᠲᠡᠢ ᠦᠢᠯᠡᠳᠦᠯ ᠭᠠᠷᠭᠠᠵᠠᠢ᠃ | 19 ᠳ᠋ᠦ᠋ᠭᠡᠷ ᠵᠠᠭᠤᠨ ᠳᠤ ᠮᠣᠩᠭᠤᠯ ᠡᠮ ᠡᠮᠨᠡᠯᠭᠡ ᠶᠢᠨ ᠤᠬᠠᠭᠠᠨ ᠬᠥᠭᠵᠢᠭᠡᠳ ᠨᠢᠭᠡᠨ ᠰᠢᠨ᠎ᠡ ᠱᠠᠲᠤᠨ ᠳᠤ | ᠣᠷᠣᠪᠠ᠃ ᠤᠷᠢᠳ ᠬᠤᠵᠢᠳ ᠮᠠᠰᠢ ᠤᠯᠠᠨ ᠡᠮ ᠡᠮᠨᠡᠯᠭᠡ ᠶᠢᠨ ᠤᠬᠠᠭᠠᠨᠲᠠᠨ ᠪᠠ ᠮᠣᠩᠭᠤᠯ ᠡᠮ ᠡᠮᠨᠡᠯᠭᠡ ᠶᠢᠨ | ᠤᠬᠠᠭᠠᠨ ᠤ ᠲᠤᠰᠬᠠᠢ ᠪᠦᠲᠦᠭᠡᠯ ᠴᠣᠯᠭᠤᠷᠠᠨ ᠭᠠᠷᠪᠠ᠂ ᠵᠢᠱᠢᠶᠡᠯᠡᠪᠡᠯ ᠮᠣᠩᠭᠤᠯ ᠡᠮ ᠡᠮᠨᠡᠯᠭᠡ ᠶᠢᠨ ᠤᠬᠠᠭᠠᠨᠲᠠᠨ | ᠪᠤᠯᠳᠤᠷᠵᠢ ᠶᠢᠨ ᠪᠢᠴᠢᠭᠰᠡᠨ ︽ᠮᠣᠩᠭᠤᠯ ᠡᠮ ᠤᠨ ᠭᠤᠣᠯ ᠲᠣᠯᠢ︾ ᠵᠡᠷᠭᠡ ᠪᠤᠢ᠃ ᠢᠩᠭᠢᠭᠡᠳ ᠤᠮᠠᠷᠠᠲᠤ | ᠣᠷᠣᠨ ᠤ ᠦᠨᠳᠦᠰᠦᠲᠡᠨ ᠤ ᠡᠮ ᠡᠮᠨᠡᠯᠭᠡ ᠶᠢᠨ ᠢᠯᠡ ᠲᠣᠳᠣ ᠣᠨᠴᠠᠯᠢᠭ ᠪᠣᠯᠣᠨ ᠭᠠᠵᠠᠷ ᠣᠷᠣᠨ ᠤ ᠣᠨᠴᠠᠯᠢᠭ | ᠲᠠᠢ ᠣᠷᠴᠢᠨ ᠦᠶ᠎ᠡ ᠶᠢᠨ ᠮᠣᠩᠭᠤᠯ ᠡᠮ ᠤᠨ ᠤᠬᠠᠭᠠᠨ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠪᠠ ᠤᠯᠤᠰ ᠠᠴᠠ ᠦᠨᠳᠦᠰᠦᠲᠡᠨ ᠤ ᠡᠮ | ᠡᠮᠨᠡᠯᠭᠡ ᠶᠢᠨ ᠬᠥᠭᠵᠢᠯᠲᠡ ᠶᠢ ᠲᠤᠶᠢᠯ ᠢᠶᠠᠷ ᠴᠢᠬᠤᠯᠠᠴᠢᠯᠠᠨ ᠦᠵᠡᠵᠦ᠂ ᠮᠣᠩᠭᠤᠯ ᠡᠮ ᠡᠮᠨᠡᠯᠭᠡ ᠶᠢᠨ ᠦᠢᠯᠡᠰ ᠢ | ᠤᠯᠠᠮᠵᠢᠯᠠᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠮᠠᠰᠢ ᠣᠯᠠᠨ ᠲᠣᠭᠲᠠᠭᠠᠵᠤ᠂ ᠮᠣᠩᠭᠤᠯ ᠡᠮ ᠡᠮᠨᠡᠯᠭᠡ ᠶᠢᠨ | ᠦᠢᠯᠡᠰ ᠲᠤ ᠠᠰᠢᠭᠲᠠᠢ ᠠᠯᠢ ᠣᠯᠠᠨ ᠠᠷᠭ᠎ᠠ ᠬᠡᠮᠵᠢᠶ᠎ᠡ ᠠᠪᠴᠤ᠂ ᠣᠳᠣ ᠦᠶ᠎ᠡ ᠶᠢᠨ ᠰᠢᠨᠵᠢᠯᠡᠬᠦ ᠤᠬᠠᠭᠠᠨ ᠤ | ᠲᠡᠷᠢᠭᠦᠨ ᠤ ᠠᠷᠭ᠎ᠠ ᠪᠠᠷᠢᠯ ᠢ ᠠᠰᠢᠭᠯᠠᠨ ᠮᠣᠩᠭᠤᠯ ᠡᠮ ᠳᠤ ᠣᠨᠴᠠ ᠪᠠᠶᠢᠳᠠᠭ ᠡᠮ ᠤᠨ ᠵᠦᠢᠯ᠂ ᠤᠯᠠᠮᠵᠢᠯᠠᠯᠲᠤ | ᠭᠠᠭᠴᠠ ᠵᠣᠷ᠂ ᠲᠤᠷᠰᠢᠯᠭᠠᠲᠤ ᠵᠣᠷ ᠲᠤ ᠡᠮ ᠤᠨ ᠵᠦᠢ ᠶᠢᠨ ᠦᠢᠯᠡᠳᠦᠯ ᠭᠠᠷᠭᠠᠬᠤ᠂ ᠬᠢᠮᠢ ᠶᠢᠨ ᠪᠦᠷᠢᠯᠳᠦᠭᠦᠨ ᠢ | ᠵᠠᠳᠠᠯᠵᠤ ᠰᠤᠳᠤᠯᠬᠤ᠂ ᠬᠦᠴᠦᠨ ᠲᠠᠢ ᠪᠦᠷᠢᠯᠳᠦᠭᠦᠨ ᠢ ᠨᠢ ᠢᠯᠭᠠᠷᠠᠭᠤᠯᠤᠨ ᠠᠪᠴᠤ ᠡᠯ᠎ᠡ ᠵᠦᠢᠯ ᠤᠨ ᠨᠠᠶᠢᠷᠠᠯᠭ᠎ᠠ | ᠶᠢᠨ ᠡᠮ ᠲᠠᠩ ᠬᠢᠬᠦ ᠵᠡᠷᠭᠡ ᠲᠠᠯ᠎ᠠ ᠪᠠᠷ ᠦᠨᠳᠦᠰᠦᠲᠡᠨ ᠤ ᠡᠮ ᠤᠨ ᠣᠨᠴᠠᠯᠢᠭ ᠢ ᠪᠠᠳᠠᠷᠠᠭᠤᠯᠵᠤ᠂ ᠦᠨᠳᠦᠰᠦᠲᠡᠨ ᠤ | ᠡᠮ ᠤᠨ ᠦᠢᠯᠡᠰ ᠤᠨ ᠬᠥᠭᠵᠢᠯᠲᠡ ᠳᠤ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ | ᠰᠢᠨ᠎ᠡ ᠴᠠᠭ ᠦᠶ᠎ᠡ ᠶᠢᠨ ᠮᠣᠩᠭᠤᠯ ᠡᠮ ᠡᠮᠨᠡᠯᠭᠡ | ᠥᠭᠡᠷᠡᠴᠢᠯᠡᠯᠲᠡ ᠬᠥᠭᠵᠢᠯᠲᠡ ᠶᠢᠨ ᠢᠳᠡᠷᠡᠭᠦᠨ ᠠᠯᠬᠤᠭ᠎ᠠ ᠶᠢ ᠳᠠᠭᠠᠯᠳᠤᠨ ᠮᠠᠨ ᠤ ᠣᠷᠣᠨ ᠤ ᠮᠣᠩᠭᠤᠯ ᠡᠮ | ᠡᠮᠨᠡᠯᠭᠡ ᠶᠢᠨ ᠦᠢᠯᠡᠰ ᠬᠥᠭᠵᠢᠯᠲᠡ ᠶᠢᠨ ᠤᠷᠢᠬᠠᠨ ᠬᠠᠪᠤᠷ ᠢᠶᠠᠨ ᠤᠭᠲᠤᠨ ᠠᠪᠴᠤ᠂ ᠮᠣᠩᠭᠤᠯ ᠡᠮᠨᠡᠯᠭᠡ ᠶᠢᠨ | ᠡᠮᠴᠢ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠡᠷᠡᠰ ᠰᠢᠭᠤᠷᠬᠠᠢ ᠪᠠᠷ ᠤᠷᠤᠭᠰᠢᠯᠠᠨ | ᠳᠡᠪᠰᠢᠵᠦ᠂ ᠥᠪᠥᠷ ᠮᠣᠩᠭᠤᠯ ᠤᠨ ᠭᠦᠨ ᠵᠤᠵᠠᠭᠠᠨ ᠰᠣᠶᠣᠯ ᠤᠨ ᠬᠥᠷᠥᠰᠥᠨ ᠳᠡᠭᠡᠨ ᠦᠨᠳᠦᠰᠦᠯᠡᠵᠦ᠂ ᠥᠪᠥᠷ | ᠮᠣᠩᠭᠤᠯ ᠤᠨ ᠡᠶ᠎ᠡ ᠵᠣᠬᠢᠴᠠᠯ ᠲᠠᠢ ᠡᠷᠡᠭᠦᠯ ᠬᠠᠮᠠᠭᠠᠯᠠᠯ ᠤᠨ ᠦᠢᠯᠡᠰ ᠤᠨ ᠭᠤᠶᠢᠳᠠ ᠰᠠᠶᠢᠬᠠᠨ ᠬᠠᠭᠤᠳᠠᠰᠤ ᠶᠢ | ᠬᠠᠮᠲᠤ ᠪᠠᠷ ᠪᠢᠴᠢᠭᠯᠡᠭᠰᠡᠨ ᠪᠢᠯᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠦᠢᠯᠡᠰ ᠤᠨ ᠲᠡᠦᠬᠡᠨ | ᠬᠠᠭᠤᠳᠠᠰᠤ ᠶᠢ ᠰᠡᠬᠦᠬᠦᠶᠡ ᠤᠯᠤᠰ ᠭᠦᠷᠤᠨ ᠠᠴᠠ ᠦᠨᠳᠦᠰᠦᠲᠡᠨ ᠤ ᠡᠮ ᠡᠮᠨᠡᠯᠭᠡ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠨ ᠢ ᠣᠯᠵᠤ ᠬᠠᠷᠠᠬᠤ ᠶᠤᠮ᠃ ᠤᠯᠤᠰ ᠤᠨ ︽ᠦᠨᠳᠦᠰᠦᠨ ᠬᠠᠤᠯᠢ︾ ᠪᠣᠯᠣᠨ | ᠨᠠᠮ ᠤᠨ ᠠᠷᠪᠠᠨ ᠳᠣᠯᠣᠳᠤᠭᠠᠷ ᠶᠡᠭᠡ ᠬᠤᠷᠠᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠳᠤ ᠴᠥᠮ ︽ᠬᠢᠲᠠᠳ ᠡᠮ ᠡᠮᠨᠡᠯᠭᠡ ᠪᠠ ᠦᠨᠳᠦᠰᠦᠲᠡᠨ ᠤ ᠡᠮ ᠡᠮᠨᠡᠯᠭᠡ ᠶᠢᠨ | ᠦᠢᠯᠡᠰ ᠤᠨ ᠬᠥᠭᠵᠢᠯᠲᠡ ᠶᠢ ᠲᠡᠳᠬᠦᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠴᠠᠢ︔ ᠤᠯᠤᠰ ᠤᠨ 11 | ᠶᠠᠮᠤᠨ ᠵᠥᠪᠯᠡᠯ ᠬᠠᠮᠲᠤᠷᠠᠨ ︽ᠬᠢᠲᠠᠳ ᠡᠮ ᠡᠮᠨᠡᠯᠭᠡ ᠪᠣᠯᠣᠨ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ | ᠬᠥᠭᠵᠢᠯᠲᠡ ᠶᠢ ᠦᠨᠡᠨ ᠬᠦ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦ ᠶᠢᠨ ᠪᠣᠳᠣᠯᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠶᠢᠨ ᠬᠠᠮᠲᠤ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠠᠵᠢᠯ ᠢ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠪᠣᠯᠭᠠᠨ ᠠᠳᠬᠤᠵᠠᠢ᠃ ᠥᠪᠥᠷ | ᠮᠣᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠤᠨ 2011 ᠣᠨ ᠤ | ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ | ᠬᠥᠭᠵᠢᠯᠲᠡ ᠶᠢ ᠲᠡᠳᠬᠦᠨ ᠠᠬᠢᠭᠤᠯᠬᠤ ᠰᠠᠨᠠᠯ ᠢ ᠲᠣᠳᠣᠷᠬᠠᠶᠢᠯᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2010 ᠣᠨ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠦᠷᠢᠮ︾ ᠳᠤ | ᠵᠠᠰᠠᠪᠤᠷᠢ ᠣᠷᠣᠭᠤᠯᠵᠤ ᠲᠠᠭᠢᠨ ᠰᠢᠨ᠎ᠡ ᠪᠠᠷ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | 2006 ᠣᠨ ᠪᠠ 2010 ᠣᠨ ᠳᠤ ᠲᠣᠰ ᠲᠣᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ | ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠲᠣᠭᠲᠠᠭᠠᠯ︾ ᠪᠣᠯᠣᠨ ︽ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠡᠮᠵᠢᠵᠤ ᠠᠬᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠨᠡᠶᠢᠲᠡᠯᠡᠪᠡ᠃ | ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠮᠠᠨ ᠤ ᠣᠷᠣᠨ ᠤ ᠮᠣᠩᠭᠤᠯ ᠡᠮ ᠡᠮᠨᠡᠯᠭᠡ ᠶᠢᠨ | ᠦᠢᠯᠡᠰ ᠪᠠᠭ᠎ᠠ ᠠᠴᠠ ᠶᠡᠭᠡ ᠪᠤᠯᠲᠠᠯ᠎ᠠ᠂ ᠪᠠᠭᠤᠷᠠᠢ ᠠᠴᠠ ᠬᠦᠴᠦᠷᠬᠡᠭ ᠪᠤᠯᠲᠠᠯ᠎ᠠ᠂ ᠲᠤᠭᠤᠯ ᠤᠨ ᠪᠡᠯᠴᠢᠭᠡᠷ ᠠᠴᠠ | ᠳᠡᠯᠡᠬᠡᠢ ᠶᠢᠨ ᠲᠠᠪᠴᠠᠩ ᠳᠤ ᠭᠦᠷᠳᠡᠯ᠎ᠡ᠂ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠪᠣᠳᠠᠲᠠᠢ | ᠶᠠᠷᠢᠪᠠᠯ᠄ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠰᠢᠰᠲ᠋ᠧᠮ ᠪᠣᠯᠣᠨ ᠬᠠᠤᠯᠢ | ᠳᠦᠷᠢᠮ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠵᠤ᠂ ᠦᠢᠯᠡᠴᠢᠯᠡᠭᠡᠨ ᠤ ᠰᠢᠰᠲ᠋ᠧᠮ ᠦᠨᠳᠦᠰᠦᠨ ᠳᠡᠭᠡᠨ | ᠪᠦᠷᠢᠯᠳᠦᠵᠦ᠂ ᠣᠨᠴᠠᠯᠢᠭ ᠳᠠᠪᠠᠭᠤᠯᠢᠭ ᠢᠶᠠᠨ ᠤᠯᠠᠮ ᠰᠠᠶᠢᠲᠤᠷ ᠪᠠᠳᠠᠷᠠᠭᠤᠯᠪᠠ︔ ᠠᠵᠢᠯᠲᠠᠨ ᠤ ᠡᠩᠨᠡᠭᠡ ᠠᠯᠬᠤᠮ | ᠠᠯᠬᠤᠮ ᠢᠶᠠᠷ ᠥᠷᠭᠡᠳᠤᠨ ᠴᠢᠳᠠᠪᠤᠷᠢᠲᠠᠨ ᠤ ᠡᠩᠨᠡᠭᠡ ᠠᠯᠬᠤᠮ ᠠᠯᠬᠤᠮ ᠢᠶᠠᠷ ᠪᠦᠷᠢᠯᠳᠦᠵᠦ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠰᠤᠷᠭᠠᠨ ᠬᠥᠮᠦᠵᠢᠯ ᠤᠨ ᠦᠷ᠎ᠡ ᠪᠦᠲᠦᠭᠡᠯ ᠲᠣᠪᠣᠶᠢᠮ᠎ᠠ ᠪᠣᠯᠵᠤ᠂ ᠪᠠᠷᠢᠮᠵᠢᠶᠠᠵᠢᠭᠤᠯᠤᠯᠲᠠ ᠶᠢᠨ | ᠲᠠᠯ᠎ᠠ ᠪᠠᠷ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ︔ ᠨᠡᠷᠡᠲᠦ ᠡᠮᠴᠢ ᠶᠢᠨ ᠪᠠᠶᠢᠭᠤᠯᠤᠯᠲᠠ ᠠᠩᠬ᠎ᠠ ᠠᠯᠬᠤᠮ | ᠬᠡᠪᠴᠢᠶᠡᠵᠢᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠰᠢᠨᠵᠢᠯᠡᠬᠦ ᠤᠬᠠᠭᠠᠨ ᠶᠡᠬᠡᠬᠡᠨ | ᠲᠦᠭᠡᠮᠡᠯᠵᠢᠵᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠳᠤ ᠢᠯᠡᠳᠲᠡ ᠦᠷ᠎ᠡ ᠪᠦᠲᠦᠮᠵᠢ ᠣᠯᠪᠠ︔ ᠮᠣᠩᠭᠤᠯ ᠡᠮ | ᠡᠮᠨᠡᠯᠭᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠠᠪᠴᠠᠩ ᠳᠤ ᠭᠠᠷᠴᠤ᠂ ᠳᠡᠯᠡᠬᠡᠢ ᠶᠢᠨ ᠡᠯ᠎ᠡ | ᠤᠯᠤᠰ ᠤᠨ ᠡᠯᠴᠢᠨ ᠰᠠᠶᠢᠳ ᠤᠨ ᠠᠩᠬᠠᠷᠤᠯ ᠢ ᠲᠠᠲᠠᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠳᠤ ᠦᠢᠯᠡᠳᠦᠯ ᠴᠢᠳᠠᠪᠬᠢ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠃ | ᠣᠳᠣᠬᠠᠨ ᠳᠤ ᠥᠪᠥᠷ ᠮᠣᠩᠭᠤᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠲᠤ | ᠰᠢᠨ᠎ᠡ ᠬᠥᠭᠵᠢᠯᠲᠡ ᠶᠢᠨ ᠲᠣᠭᠢᠶᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠮᠠᠨ ᠤ ᠣᠷᠣᠨ ᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠰᠲ᠋ᠧᠮ ᠤᠨ ᠬᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠣᠨᠴᠠᠯᠢᠭ ᠳᠠᠪᠠᠭᠤᠯᠢᠭ ᠢ ᠦᠷᠭᠦᠯᠵᠢᠯᠡᠨ ᠪᠠᠲᠤᠯᠠᠵᠤ᠂ ᠥᠷᠭᠡᠨ ᠣᠯᠠᠨ ᠡᠪᠡᠳᠴᠢᠲᠡᠨ ᠳᠤ ᠠᠮᠤᠷ ᠲᠦᠪᠰᠢᠨ᠂ | ᠦᠷ᠎ᠡ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶᠢᠲᠠᠢ᠂ ᠦᠨ᠎ᠡ ᠬᠠᠩᠰᠢ ᠨᠢ ᠬᠢᠮᠳᠠᠬᠠᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠵᠤ᠂ ᠠᠷᠠᠳ ᠲᠦᠮᠡᠨ ᠤ ᠡᠷᠡᠭᠦᠯ ᠮᠡᠨᠳᠦ ᠶᠢ | ᠬᠠᠮᠠᠭᠠᠯᠠᠵᠤ ᠠᠬᠢᠭᠤᠯᠬᠤ ᠪᠠᠷ ᠭᠤᠣᠯ ᠪᠣᠯᠭᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠰ ᠢ ᠪᠦᠭᠦ ᠲᠠᠯ᠎ᠠ ᠪᠠᠷ᠂ ᠵᠣᠬᠢᠴᠠᠩᠭᠤᠢ ᠪᠠᠷ᠂ ᠦᠷᠭᠦᠯᠵᠢᠯᠡᠨ ᠲᠦᠷᠭᠡᠨ ᠬᠥᠭᠵᠢᠭᠦᠯᠬᠦ ᠪᠠᠷ ᠵᠢᠳᠬᠦᠨ | ᠴᠢᠷᠮᠠᠶᠢᠭᠰᠠᠭᠠᠷ ᠁ |