ᠲᠦᠩᠯᠢᠶᠣᠣ ᠊᠊᠊᠊ ᠲᠤᠮᠳᠠᠳᠦ ᠤᠯᠤᠰ ᠤᠨ ᠮᠣᠩᠭᠤᠯ ᠡᠮ ᠡᠮᠨᠡᠯᠭᠡ ᠶᠢᠨ ᠬᠤᠳᠠ
ᠨᠡᠶᠢᠲᠡᠯᠡᠭᠰᠡᠨ ᠴᠠᠭ᠄
2024/10/22
   ᠲᠦᠩᠯᠢᠶᠣᠣ ᠬᠤᠳᠠ ᠶᠢᠨ ᠬᠠᠮᠤᠭ ᠡᠷᠲᠡᠨ ᠤ ᠠᠨᠠᠭᠠᠬᠤ ᠤᠬᠠᠭᠠᠨ ᠤ ᠲᠡᠮᠳᠡᠭᠯᠡᠯ ᠪᠣᠯ ᠮᠣᠩᠭᠤᠯ ᠡᠮ ᠡᠮᠨᠡᠯᠭᠡ ᠪᠣᠯᠣᠨ᠎ᠠ᠃ ᠮᠢᠩ ᠤᠯᠤᠰ ᠤᠨ ᠦᠶ᠎ᠡ ᠳᠤ᠂ ᠬᠤᠷᠴᠢᠨ ᠤ ᠲᠠᠯ᠎ᠠ ᠨᠤᠲᠤᠭ ᠲᠤ ᠨᠡᠭᠦᠳᠡᠯᠯᠡᠨ ᠮᠠᠯᠵᠢᠵᠤ ᠠᠮᠢᠳᠤᠷᠠᠵᠤ ᠪᠠᠶᠢᠭᠰᠠᠨ ᠮᠣᠩᠭᠤᠯ ᠦᠨᠳᠦᠰᠦᠲᠡᠨ ᠪᠣᠯᠣᠨ ᠪᠤᠰᠤᠳ ᠦᠨᠳᠦᠰᠦᠲᠡᠨ ᠤ ᠬᠤᠭᠤᠷᠣᠨᠳᠣᠭᠢ ᠠᠵᠤ ᠠᠬᠤᠢ᠂ ᠰᠣᠶᠣᠯ ᠤᠨ ᠰᠣᠯᠢᠯᠴᠠᠭ᠎ᠠ ᠡᠳᠦᠷ ᠢᠷᠡᠬᠦᠶ᠎ᠡ ᠣᠯᠠᠰᠢᠷᠠᠵᠤ᠂ ᠬᠢᠲᠠᠳ ᠡᠮᠨᠡᠯᠭᠡ᠂ ᠲᠥᠪᠡᠳ ᠡᠮᠨᠡᠯᠭᠡ ᠵᠡᠷᠭᠡ ᠨᠢ ᠲᠦᠩᠯᠢᠶᠣᠣ ᠣᠷᠣᠨ ᠳᠤ ᠤᠯᠠᠮᠵᠢᠯᠠᠭᠳᠠᠨ ᠣᠷᠣᠵᠤ ᠡᠬᠢᠯᠡᠭᠰᠡᠨ ᠪᠠᠶᠢᠨ᠎ᠠ᠃ ᠮᠣᠩᠭᠤᠯ ᠡᠮ ᠡᠮᠨᠡᠯᠭᠡ ᠨᠢ ᠲᠤᠰ ᠭᠠᠵᠠᠷ ᠣᠷᠣᠨ᠂ ᠲᠤᠰ ᠦᠨᠳᠦᠰᠦᠲᠡᠨ ᠤ ᠪᠠᠨ ᠣᠨᠴᠠᠯᠢᠭ ᠲᠤ ᠲᠣᠬᠢᠷᠠᠭᠰᠠᠨ ᠡᠮᠴᠢᠯᠡᠭᠡᠨ ᠤ ᠲᠤᠷᠰᠢᠯᠭ᠎ᠠ ᠶᠢ ᠰᠢᠩᠭᠡᠬᠡᠨ ᠠᠪᠴᠤ᠂ ᠮᠣᠩᠭᠤᠯ ᠡᠮ ᠡᠮᠨᠡᠯᠭᠡ ᠶᠢᠨ ᠤᠬᠠᠭᠠᠨ ᠤ ᠠᠭᠤᠯᠭ᠎ᠠ ᠶᠢ ᠪᠠᠶᠠᠯᠢᠭᠵᠢᠭᠤᠯᠪᠠ᠃ ᠮᠣᠩᠭᠤᠯ ᠡᠮ ᠡᠮᠨᠡᠯᠭᠡ ᠨᠢ ᠨᠡᠯᠢᠶᠡᠳ ᠪᠦᠷᠢᠨ ᠲᠡᠭᠦᠯᠳᠡᠷ ᠮᠣᠩᠭᠤᠯ ᠡᠮ ᠡᠮᠨᠡᠯᠭᠡ ᠶᠢᠨ ᠣᠨᠣᠯ ᠪᠠ ᠡᠮᠨᠡᠬᠦ ᠠᠷᠭ᠎ᠠ ᠪᠠᠷᠢᠯ ᠤᠨ ᠰᠢᠰᠲ᠋ᠧᠮ ᠲᠠᠢ ᠪᠠᠶᠢᠵᠤ᠂ ᠤᠯᠠᠮᠵᠢᠯᠠᠯᠲᠤ ᠲᠤᠷᠰᠢᠯᠭᠠᠲᠤ ᠵᠣᠷ᠂ ᠰᠣᠩᠭᠤᠳᠠᠭ ᠵᠣᠷ᠂ ᠨᠢᠭᠤᠴᠠ ᠵᠣᠷ᠂ ᠬᠡᠯᠡᠯᠴᠡᠭᠡᠷ ᠵᠣᠷ ᠪᠠ ᠰᠤᠳᠤᠯᠭᠠᠨ ᠤ ᠵᠣᠷ ᠨᠡᠯᠢᠶᠡᠳ ᠣᠯᠠᠨ ᠪᠠᠶᠢᠵᠤ᠂ 11 ᠳ᠋ᠦ᠋ᠭᠡᠷ ᠵᠠᠭᠤᠨ ᠠᠴᠠ ᠨᠠᠭᠠᠰᠢᠬᠢ ᠮᠣᠩᠭᠤᠯ ᠡᠮ ᠡᠮᠨᠡᠯᠭᠡ ᠶᠢᠨ ᠲᠤᠯᠭᠤᠷ ᠪᠢᠴᠢᠭ ᠢ 388 ᠢᠵᠢ᠂ 536 ᠳᠡᠪᠲᠡᠷ ᠬᠠᠳᠠᠭᠠᠯᠠᠵᠤ᠂ ᠡᠯ᠎ᠡ ᠦᠶ᠎ᠡ ᠶᠢᠨ ᠡᠷᠳᠡᠮᠲᠡᠨ ᠮᠡᠷᠭᠡᠳ ᠤᠨ ᠲᠤᠷᠰᠢᠯᠭ᠎ᠠ ᠪᠠ ᠤᠶᠤᠨ ᠤᠬᠠᠭᠠᠨ ᠢ ᠬᠤᠷᠠᠮᠳᠤᠭᠤᠯᠵᠤ᠂ ᠰᠢᠰᠲ᠋ᠧᠮ ᠲᠠᠢ ᠤᠨᠤᠯ ᠪᠠ ᠥᠪᠡᠷᠮᠢᠴᠡ ᠣᠨᠣᠰᠢᠯᠠᠨ ᠵᠠᠰᠠᠬᠤ ᠲᠤᠷᠰᠢᠯᠭ᠎ᠠ ᠶᠢ ᠪᠦᠷᠢᠯᠳᠦᠭᠦᠯᠦᠭᠰᠡᠨ ᠪᠠᠶᠢᠨ᠎ᠠ  ᠃
   ᠲᠦᠩᠯᠢᠶᠣᠣ  ᠲᠦᠩᠯᠢᠶᠣᠣ ᠬᠤᠳᠠ ᠪᠣᠯ ᠥᠪᠥᠷ ᠮᠣᠩᠭᠤᠯ ᠤᠨ ᠵᠡᠭᠦᠨ ᠬᠡᠰᠡᠭ᠂ ᠬᠤᠷᠴᠢᠨ ᠨᠤᠲᠤᠭ ᠤᠨ ᠥᠷᠥᠴᠡᠨ ᠳᠤ ᠪᠠᠶᠢᠷᠢᠯᠠᠵᠤ᠂ ᠪᠦᠭᠦ ᠤᠯᠤᠰ ᠤᠨ ᠮᠣᠩᠭᠤᠯ ᠦᠨᠳᠦᠰᠦᠲᠡᠨ ᠤ ᠬᠥᠮᠥᠨ ᠠᠮᠠ ᠬᠠᠮᠤᠭ ᠲᠥᠪᠯᠡᠷᠡᠭᠰᠡᠨ ᠭᠠᠵᠠᠷ ᠣᠷᠣᠨ ᠮᠥᠨ᠂ ᠮᠣᠩᠭᠤᠯ ᠦᠨᠳᠦᠰᠦᠲᠡᠨ ᠤ ᠰᠣᠶᠣᠯ ᠪᠠ ᠮᠣᠩᠭᠤᠯ ᠡᠮ ᠡᠮᠨᠡᠯᠭᠡ ᠶᠢᠨ ᠡᠭᠦᠰᠦᠯ ᠤᠨ ᠴᠢᠬᠤᠯᠠ ᠭᠠᠵᠠᠷ ᠪᠣᠯᠣᠨ᠎ᠠ᠃ ᠡ᠊ᠨᠳᠡ ᠠᠴᠠ ᠮᠣᠩᠭᠤᠯ ᠠᠨᠠᠭᠠᠬᠤ ᠤᠬᠠᠭᠠᠨᠲᠠᠨ ᠵᠠᠮᠪᠠᠯᠳᠣᠷᠵᠢ᠂ ᠮᠣᠩᠭᠤᠯ ᠡᠮ ᠡᠮᠨᠡᠯᠭᠡ ᠶᠢᠨ ᠤᠯᠤᠰ ᠤᠨ ᠣᠲᠠᠴᠢ ᠰᠦᠷᠦᠩᠵᠠᠪ ᠵᠡᠷᠭᠡ ᠮᠣᠩᠭᠤᠯ ᠡᠮ ᠡᠮᠨᠡᠯᠭᠡ ᠶᠢᠨ ᠶᠡᠭᠡ ᠪᠠᠭᠰᠢᠲᠠᠨ ᠴᠣᠯᠭᠤᠷᠠᠨ ᠭᠠᠷᠤᠭᠰᠠᠨ ᠪᠠᠶᠢᠨ᠎ᠠ᠃ ᠲᠡᠳᠡ ᠨᠠᠷ ᠮᠣᠩᠭᠤᠯ ᠡᠮ ᠡᠮᠨᠡᠯᠭᠡ ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠡᠮ ᠡᠮᠨᠡᠯᠭᠡ ᠶᠢᠨ ᠦᠢᠯᠡᠰ᠂ ᠣᠲᠣ ᠦᠶ᠎ᠡ ᠶᠢᠨ ᠮᠣᠩᠭᠤᠯ ᠠᠨᠠᠭᠠᠬᠤ ᠤᠬᠠᠭᠠᠨ ᠤ ᠣᠨᠣᠯ ᠤᠨ ᠰᠢᠰᠲ᠋ᠧᠮ ᠢ ᠪᠠᠶᠢᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ᠂ ᠡᠯ᠎ᠡ ᠦᠨᠳᠦᠰᠦᠲᠡᠨ ᠪ᠊ ᠠᠷᠠᠳ ᠲᠦᠮᠡᠨ ᠤ ᠡᠷᠡᠭᠦᠯ ᠴᠢᠭᠢᠷᠠᠭ ᠢ ᠪᠠᠲᠤᠯᠠᠬᠤ ᠳᠤ ᠴᠢᠬᠤᠯᠠ ᠭᠠᠪᠢᠶ᠎ᠠ ᠵᠢᠳᠬᠦᠯ ᠦᠵᠡᠭᠦᠯᠪᠡ᠃   ᠴᠠᠭ ᠠᠭᠤᠷ ᠤᠨ ᠨᠥᠬᠦᠴᠡᠯ  ᠲᠦᠩᠯᠢᠶᠣᠣ ᠬᠤᠳᠠ ᠪᠣᠯ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠥᠷᠪᠡᠨ ᠤᠯᠠᠷᠢᠯ ᠲᠣᠳᠣᠷᠬᠠᠢ ᠪᠠᠶᠢᠳᠠᠭ᠃ ᠵᠢᠯ ᠤᠨ ᠳᠤᠮᠳᠠᠴᠢ ᠠᠭᠠᠷ ᠤᠨ ᠳᠤᠯᠠᠭᠠᠨ 7.1 ᠭᠷᠡᠳᠦ᠋ᠰ ᠲᠤ ᠬᠦᠷᠴᠦ᠂ ᠲᠤᠬᠠᠢ ᠶᠢᠨ ᠭᠠᠵᠠᠷ ᠲᠤ ᠴᠢᠨᠠᠷ ᠰᠠᠶᠢᠲᠠᠢ ᠨᠠᠷᠠᠲᠠᠢ ᠪᠠᠶᠢᠭᠠᠯᠢᠯᠢᠭ ᠡᠮ ᠤᠨ ᠮᠠᠲ᠋ᠧᠷᠢᠶᠠᠯ 500 ᠭᠠᠷᠤᠢ ᠵᠦᠢᠯ ᠪᠤᠶ᠃    ᠡᠬᠢ ᠪᠠᠶᠠᠯᠢᠭ ᠢ ᠨᠡᠭᠡᠭᠡᠨ ᠠᠰᠢᠭᠯᠠᠬᠤ ᠣᠷᠣᠨ ᠵᠠᠢ ᠶᠡᠭᠡ  ᠪᠦᠭᠦ ᠤᠯᠤᠰ ᠤᠨ ᠡᠮ ᠤᠨ ᠮᠠᠲ᠋ᠧᠷᠢᠶᠠᠯ ᠢ ᠳᠠᠷᠢᠭᠰᠠᠨ ᠲᠡᠦᠬᠡ᠂ ᠭᠠᠵᠠᠷ ᠣᠷᠣᠨ᠂ ᠶᠠᠰᠤ ᠴᠢᠨᠠᠷ᠂ ᠮᠡᠷᠭᠡᠵᠢᠯ᠂ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠣᠷᠴᠢᠨ ᠲᠣᠭᠤᠷᠢᠨ ᠤ ᠬᠤᠪᠢᠷᠠᠯᠲᠠ ᠲᠠᠢ ᠤᠶᠠᠯᠳᠤᠭᠤᠯᠤᠨ᠂ ᠮᠠᠨ ᠤ ᠬᠤᠳᠠ ᠭᠠᠵᠠᠷ ᠰᠢᠷᠣᠢ ᠶᠢᠨ ᠡᠬᠢ ᠪᠠᠶᠠᠯᠢᠭ ᠪᠠ ᠡᠯᠪᠡᠭ ᠳᠡᠯᠪᠡᠭ ᠬᠡᠭᠡᠷ᠎ᠡ ᠶᠢᠨ ᠬᠢᠲᠠᠳ ᠡᠮ ᠤᠨ ᠡᠬᠢ ᠪᠠᠶᠠᠯᠢᠭ ᠢ ᠠᠰᠢᠭᠯᠠᠵᠤ ᠪᠣᠯᠣᠨ᠎ᠠ᠃   ᠡ᠊ᠨᠳᠡᠭᠢ ᠪᠣᠯ ᠤᠯᠤᠰ ᠤᠨ ᠳᠣᠲᠣᠭᠠᠳᠤᠬᠢ ᠮᠣᠩᠭᠤᠯ ᠡᠮ ᠤᠨ ᠮᠠᠲ᠋ᠧᠷᠢᠶᠠᠯ ᠳᠠᠷᠢᠵᠤ ᠤᠷᠭᠤᠭᠤᠯᠬᠤ ᠰᠠᠭᠤᠷᠢᠨ ᠭᠠᠵᠠᠷ᠂ ᠤᠯᠤᠰ ᠤᠨ ᠳᠣᠲᠣᠭᠠᠳᠤᠬᠢ ᠮᠣᠩᠭᠤᠯ ᠡᠮ ᠤᠨ ᠦᠢᠯᠡᠳᠪᠦᠷᠢᠯᠡᠯ ᠤᠨ ᠬᠠᠮᠤᠭ ᠶᠡᠭᠡ ᠰᠠᠭᠤᠷᠢᠨ ᠭᠠᠵᠠᠷ᠂ ᠮᠣᠩᠭᠤᠯ ᠡᠮ ᠤᠨ ᠨᠠᠭᠠᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ᠎ᠠ᠃ ᠪᠦᠭᠦ ᠬᠤᠳᠠ ᠶᠢᠨ ᠰᠢᠯᠢᠳᠡᠭ ᠴᠢᠨᠠᠷᠲᠤ ᠡᠮ ᠤᠨ ᠮᠠᠲ᠋ᠧᠷᠢᠶᠠᠯ ᠤᠨ ᠳᠠᠯᠠᠪᠠᠢ ᠨᠢ 80 ᠲᠦᠮᠡᠨ ᠮᠦ ᠠᠴᠠ ᠳᠡᠭᠡᠭᠰᠢ ᠳᠤ ᠬᠦᠷᠴᠦ ᠪᠤᠢ᠃   ᠬᠢᠲᠠᠳ ᠮᠣᠩᠭᠤᠯ ᠡᠮ ᠦᠢᠯᠡᠳᠪᠦᠷᠢᠯᠡᠵᠦ ᠦᠢᠯᠡᠳᠬᠦ ᠦᠢᠯᠡᠰ   ᠪᠦᠭᠦ ᠤᠯᠤᠰ ᠤᠨ ᠬᠡᠪᠴᠢᠶᠡᠨ ᠳᠤ ᠬᠠᠮᠤᠭ ᠤᠨ ᠶᠡᠭᠡ ᠮᠣᠩᠭᠤᠯ ᠡᠮ ᠦᠢᠯᠡᠳᠪᠦᠷᠢᠯᠡᠬᠦ ᠠᠵᠤ ᠠᠬᠤᠶᠢᠯᠠᠯ ᠊᠊᠊᠊᠊ ᠥᠪᠥᠷ ᠮᠣᠩᠭᠤᠯ ᠤᠨ ᠮᠣᠩᠭᠤᠯ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ   ᠬᠠᠮᠤᠭ ᠡᠷᠲᠡᠨ ᠤ ᠮᠣᠩᠭᠤᠯ ᠡᠮ ᠦᠢᠯᠡᠳᠪᠦᠷᠢᠯᠡᠬᠦ ᠠᠵᠤ ᠠᠬᠤᠶᠢᠯᠠᠯ ᠊᠊᠊᠊᠊ ᠥᠪᠥᠷ ᠮᠣᠩᠭᠤᠯ ᠤᠨ ᠬᠦᠷᠢᠶ᠎ᠡ ᠶᠢᠨ ᠮᠣᠩᠭᠤᠯ ᠡᠮ ᠤᠨ ᠬᠢᠵᠠᠭᠠᠷᠲᠤ ᠺᠤᠮᠫᠠᠨᠢ   ᠬᠠᠮᠤᠭ ᠤᠨ ᠲᠣᠮᠣ ᠮᠣᠩᠭᠤᠯ ᠡᠮ ᠤᠨ ᠨᠠᠭᠠᠯᠲᠠ ᠦᠢᠯᠡᠳᠪᠦᠷᠢᠯᠡᠬᠦ ᠠᠵᠤ ᠠᠬᠤᠶᠢᠯᠠᠯ ᠊᠊᠊᠊᠊ ᠥᠪᠥᠷ ᠮᠣᠩᠭᠤᠯ ᠤᠨ ᠬᠤᠷᠴᠢᠨ ᠡᠮ ᠤᠨ ᠦᠢᠯᠡᠰ ᠤᠨ ᠬᠢᠵᠠᠭᠠᠷᠲᠤ ᠺᠤᠮᠫᠠᠨᠢ   3 ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠣᠩᠭᠤᠯ ᠡᠮ ᠨᠢ ᠪᠦᠭᠦ ᠤᠯᠤᠰ ᠤᠨ ᠮᠣᠩᠭᠤᠯ ᠡᠮ ᠤᠨ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ 50% ᠶᠢ ᠡᠵᠡᠯᠡᠵᠦ ᠪᠤᠢ᠃ 2023 ᠣᠨ ᠳᠤ ᠪᠦᠭᠦ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠦᠷᠳᠡᠭ  ᠨᠢ 50 ᠳ᠋ᠦᠩᠰᠢᠭᠤᠷ ᠲᠥᠭᠦᠷᠢᠭ ᠲᠤ ᠭᠦᠷᠪᠠ᠃   ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠡᠯᠪᠡᠭ ᠳᠡᠯᠪᠡᠭ   ᠪᠦᠭᠦ ᠬᠤᠳᠠ ᠳᠤ ᠡᠮ ᠤᠨ ᠮᠠᠲ᠋ᠧᠷᠢᠶᠠᠯ ᠤᠨ ᠡᠬᠢ ᠪᠠᠶᠠᠯᠢᠭ 500 ᠭᠠᠷᠤᠢ ᠵᠦᠢᠯ ᠪᠠᠶᠢᠵᠤ᠂ ᠰᠢᠯᠢᠳᠡᠭ ᠴᠢᠨᠠᠷᠲᠤ ᠡᠮ ᠤᠨ ᠮᠠᠲ᠋ᠧᠷᠢᠶᠠᠯ ᠤᠨ ᠳᠠᠯᠠᠪᠠᠢ ᠨᠢ 80 ᠲᠦᠮᠡᠨ ᠮᠦ ᠠᠴᠠ ᠳᠡᠭᠡᠭᠰᠢ ᠳᠤ ᠬᠦᠷᠴᠦ᠂ ᠬᠤᠨᠴᠢᠷ᠂ ᠱᠦᠭᠦᠷᠭᠡᠨ᠎ᠠ᠂ ᠴᠢᠨ᠋ᠸ᠎ᠠ ᠶᠢᠨ ᠬᠠᠯᠲᠠᠷ᠂ ᠳᠤᠭᠤᠯ ᠡᠪᠡᠰᠦ᠂ ᠬᠤᠷᠳᠤᠨ ᠴᠠᠭᠠᠨ᠂ ᠴᠢᠴᠠᠷᠭᠠᠨ᠎ᠠ ᠵᠡᠷᠭᠡ 6 ᠡᠭᠦᠯᠳᠡᠷ  ᠨᠢ ᠵᠢᠩᠬᠢᠨᠢ ᠡᠮ ᠤᠨ ᠮᠠᠲ᠋ᠧᠷᠢᠶᠠᠯ ᠤᠨ ᠭᠡᠷᠡᠴᠢᠯᠡᠯᠲᠡ ᠶᠢ ᠥᠩᠭᠡᠷᠡᠭᠡᠪᠡ᠃   ᠴᠢᠳᠠᠪᠤᠷᠢᠲᠠᠨ ᠤ ᠡᠩᠨᠡᠭᠡ ᠪᠤᠵᠠᠭᠠᠶᠢᠷᠠᠵᠤ ᠪᠠᠶᠢᠨ᠎ᠠ   ᠣᠳᠣᠬᠠᠨ ᠳᠤ᠂ ᠲᠦᠩᠯᠢᠶᠣᠣ ᠬᠤᠲᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠥᠷᠨᠢᠭᠦᠯᠵᠦ ᠪᠠᠶᠢᠭ᠎ᠠ ᠶᠡᠭᠡ ᠳᠡᠭᠡᠳᠦ ᠰᠤᠷᠭᠠᠭᠤᠯᠢ 2 ᠪᠤᠶ᠃   ᠲᠦᠩᠯᠢᠶᠣᠣ ᠬᠤᠳᠠ ᠦᠢᠯᠡᠳᠦᠯ ᠴᠢᠳᠠᠪᠬᠢ ᠨᠢ ᠲᠡᠭᠦᠯᠳᠡᠷᠵᠢᠭᠰᠡᠨ ᠮᠣᠩᠭᠤᠯ ᠡᠮ ᠤᠨ ᠢᠨᠵᠧᠨᠧᠷᠢᠩ ᠤᠨ ᠰᠤᠳᠤᠯᠭᠠᠨ ᠤ ᠲᠥᠪ᠂ ᠪᠦᠭᠦ ᠤᠯᠤᠰ ᠲᠤ ᠬᠠᠮᠤᠭ ᠤᠨ ᠶᠡᠭᠡ ᠮᠣᠩᠭᠤᠯ ᠡᠮ ᠡᠮᠨᠡᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ᠂ ᠪᠦᠭᠦ ᠤᠯᠤᠰ ᠲᠤ ᠴᠤᠷ ᠤᠨ ᠭᠠᠭᠴᠠ ᠮᠣᠩᠭᠤᠯ ᠡᠮ ᠡᠮᠨᠡᠯᠭᠡ ᠶᠢᠨ ᠳ᠋ᠣᠺᠲ᠋ᠣᠷᠠᠨᠲ ᠤᠨ ᠴᠡᠭ ᠲᠠᠢ᠃ ᠪᠦᠭᠦ ᠬᠤᠳᠠ ᠶᠢᠨ ᠠᠩᠬᠠᠳᠠᠭᠴᠢ ᠭᠠᠳᠠᠭᠠᠳᠤ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠲᠡᠭᠡ ᠶᠢ ᠪᠠᠶᠢᠭᠤᠯᠪᠠ᠃   ᠠᠵᠤ ᠦᠢᠯᠡᠰ ᠤᠨ ᠲᠠᠪᠴᠠᠩ ᠴᠢᠨᠠᠷ ᠰᠠᠶᠢᠲᠠᠢ  ᠲᠦᠩᠯᠢᠶᠣᠣ ᠬᠤᠲᠠ ᠪᠣᠯ ᠪᠦᠭᠦ ᠤᠯᠤᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠲᠡᠷᠢᠭᠦᠨ ᠤ ᠬᠤᠲᠠ ᠮᠥᠨ᠂ ᠪᠦᠭᠦ ᠤᠯᠤᠰ ᠤᠨ 50% ᠠᠴᠠ ᠳᠡᠭᠡᠭᠰᠢᠬᠢ ᠮᠣᠩᠭᠤᠯ ᠡᠮ ᠢ ᠡ᠊ᠨᠳᠡ ᠦᠢᠯᠡᠳᠪᠦᠷᠢᠯᠡᠵᠦ ᠪᠠᠶᠢᠳᠠᠭ᠃   ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠪᠣᠯ ᠪᠦᠭᠦ ᠤᠯᠤᠰ ᠤᠨ ᠨᠡᠯᠢᠶᠡᠳ ᠶᠡᠭᠡ ᠮᠣᠩᠭᠤᠯ ᠡᠮ ᠡᠮᠨᠡᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠣᠯᠣᠨ᠎ᠠ᠃   ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠮᠣᠩᠭᠤᠯ ᠡᠮ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠳᠣᠲᠣᠭᠠᠳᠤ ᠶᠢᠨ ᠬᠠᠮᠤᠭ ᠤᠨ ᠡᠷᠲᠡ ᠪᠠᠶᠢᠭᠤᠯᠤᠭᠳᠠᠭᠰᠠᠨ ᠮᠣᠩᠭᠤᠯ ᠡᠮ ᠤᠨ ᠦᠢᠯᠡᠳᠪᠦᠷᠢ᠂ ᠪᠦᠭᠦ ᠤᠯᠤᠰ ᠤᠨ ᠬᠠᠮᠤᠭ ᠤᠨ ᠲᠣᠮᠣ ᠮᠣᠩᠭᠤᠯ ᠡᠮ ᠤᠨ ᠨᠠᠭᠠᠯᠲᠠ ᠦᠢᠯᠡᠳᠪᠦᠷᠢᠯᠡᠬᠦ ᠰᠠᠭᠤᠷᠢᠨ ᠭᠠᠵᠠᠷ ᠪᠦᠷ ᠲᠦᠩᠯᠢᠶᠣᠣ ᠬᠤᠲᠠ ᠳᠤ ᠪᠠᠶᠢᠨ᠎ᠠ᠃   ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠢᠰᠲ᠋ᠧᠮ ᠲᠡᠭᠦᠯᠳᠡᠷᠵᠢᠪᠡ   ᠣᠳᠣᠬᠠᠨ ᠳᠤ ᠪᠦᠭᠦ ᠬᠤᠲᠠ ᠳᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ 202 ᠪᠠᠶᠢᠨ᠎ᠠ᠃ ᠪᠦᠭᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠪᠦᠷ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠳᠠᠰᠤᠭ ᠲᠠᠢ᠃ 100% ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠣᠨ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ 6 ᠳᠦᠷᠦᠯ 10 ᠵᠦᠢᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠵᠤ ᠳᠡᠶᠢᠯᠤᠨ᠎ᠠ᠃ 100% ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠲᠡᠭᠡ ᠪᠣᠯᠣᠨ 80% ᠶᠢᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ 4 ᠲᠥᠷᠥᠯ 6 ᠵᠦᠢᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠵᠤ ᠳᠠᠶᠢᠯᠤᠨ᠎ᠠ᠃11% ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠣᠯᠣᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠵᠤ ᠳᠠᠶᠢᠯᠤᠨ᠎ᠠ᠃
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号