2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/10/22
  2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠤᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 10 ᠰᠠᠷ᠎ᠠ ᠶᠢᠨ 17 ᠤ ᠡᠳᠦᠷ᠂ ᠬᠦᠷᠢᠶ᠎ᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠭᠤᠷᠪᠠᠨ ᠶᠡᠭᠡ ᠰᠦᠮ᠎ᠡ ᠶᠢᠨ ᠠᠭᠤᠳᠠᠮ ᠲᠠᠯᠠᠪᠠᠢ ᠳᠤ ︽ᠬᠥᠮᠦᠨ ᠪᠦᠬᠦᠨ ᠳᠠᠭᠠᠳᠬᠠᠯ ᠳᠤ ᠣᠷᠣᠯᠴᠠᠵᠦ ᠡᠮ ᠡᠮᠨᠡᠯᠭᠡ ᠶᠢᠨ ᠲᠥᠰᠢᠭ ᠲᠠᠢ   ᠭᠡᠷ ᠪᠦᠯᠢ ᠪᠦᠬᠦᠨ ᠡᠷᠡᠭᠦᠯ ᠮᠡᠨᠳᠦ ᠠᠮᠤᠷ ᠠᠮᠤᠭᠤᠯᠠᠩ ᠢ ᠡᠳ᠋ᠯᠡᠬᠦ︾ ᠪᠠᠷ ᠭᠤᠤᠯ ᠰᠡᠳᠦᠪ ᠪᠣᠯᠭᠠᠭᠰᠠᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠭ᠎ᠠ ᠶᠢᠨ ᠠᠵᠢᠯᠯᠠᠭ᠎ᠠ ᠶᠢᠨ ᠠᠬᠤᠢ ᠲᠠᠯᠠᠪᠠᠶ ᠳᠤ᠂ ︽ᠬᠥᠮᠦᠨ ᠪᠦᠬᠦᠨ ᠳᠠᠭᠠᠳᠬᠠᠯ ᠳᠤ ᠣᠷᠣᠯᠴᠠᠵᠦ ᠡᠮ ᠡᠮᠨᠡᠯᠭᠡ ᠶᠢᠨ ᠲᠥᠰᠢᠭ ᠲᠠᠢ   ᠭᠡᠷ ᠪᠦᠯᠢ ᠪᠦᠬᠦᠨ ᠡᠷᠡᠭᠦᠯ ᠮᠡᠨᠳᠦ ᠠᠮᠤᠷ ᠠᠮᠤᠭᠤᠯᠠᠩ ᠢ ᠡᠳ᠋ᠯᠡᠬᠦ︾᠂ ︽ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠵᠠᠷᠤᠳᠠᠯ ᠢ ᠳ᠋ᠦᠩᠨᠡᠨ ᠪᠤᠳᠤᠬᠤ ᠦᠢᠯᠡᠴᠢᠯᠡᠭᠡ ᠶᠢ ᠰᠠᠶᠢᠲᠤᠷ ᠬᠢᠵᠦ ᠣᠯᠠᠨ ᠲᠦᠮᠡᠨ ᠢ ᠣᠨᠳᠣᠣ ᠭᠠᠵᠠᠷ ᠲᠤ ︿ᠡᠮ ᠡᠮᠨᠡᠯᠭᠡ ᠶᠢᠨ ᠲᠥᠰᠢᠭ ᠲᠠᠢ ᠪᠣᠯᠭᠠᠬᠤ﹀︾ ᠭᠡᠬᠦ ᠪᠢᠴᠢᠭᠡᠰᠦ ᠶᠢ ᠡᠯᠭᠦᠵᠦ᠂ ᠠᠰᠠᠭᠤᠨ ᠯᠠᠪᠯᠠᠬᠤ ᠲᠠᠪᠴᠠᠩ ᠭᠠᠷᠭᠠᠨ᠂ 200 ᠭᠠᠷᠤᠶ ᠬᠥᠮᠦᠨ ᠳᠤ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠵᠢᠴᠢ ᠣᠨᠳᠣᠤ ᠭᠠᠵᠠᠷ ᠲᠤ ᠡᠮᠨᠡᠭᠦᠯᠬᠦ ᠲᠥᠷᠥ ᠶᠢᠨ ᠪᠣᠳᠣᠯᠭ᠎ᠠ ᠳᠤ ᠴᠢᠭᠯᠡᠭᠦᠯᠦᠨ ᠨᠢᠭᠤᠷᠲᠠᠨ ᠬᠠᠷᠢᠭᠤᠯᠲᠠ ᠥᠭᠭᠦᠭᠰᠡᠨ ᠪᠥᠭᠡᠳ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠵᠦᠭᠯᠡᠭᠦᠷ︾ ᠢ 5000 ᠭᠠᠷᠤᠶ ᠬᠤᠪᠢ ᠲᠠᠷᠬᠠᠭᠠᠪᠠ᠃    ᠡᠨᠡ ᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠰᠡᠵᠢᠭ ᠲᠠᠢ ᠵᠦᠢᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠣᠨᠣᠪᠴᠢᠲᠠᠶ ᠬᠠᠷᠢᠭᠤᠯᠲᠠ ᠥᠭᠴᠦ᠂ ᠥᠷᠭᠡᠨ ᠣᠯᠠᠨ ᠲᠦᠮᠡᠨ ᠤ ᠰᠠᠶᠢᠨ ᠳᠤᠷ᠎ᠠ ᠠᠴᠠ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ ᠶᠢ ᠬᠥᠲᠥᠯᠦᠨ ᠵᠢᠯᠣᠭᠤᠳᠴᠤ᠂ ᠠᠷᠠᠳ ᠣᠯᠠᠨ ᠳᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠮᠡᠳᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠢ ᠠᠷᠠᠳ ᠣᠯᠠᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠮᠤᠷ ᠠᠮᠤᠭᠤᠯᠠᠩ ︽ᠡᠮ ᠡᠮᠨᠡᠯᠭᠡ︾ ᠶᠢᠨ ᠲᠦᠰᠢᠭ ᠲᠤᠯᠭᠠᠭᠤᠷᠢ ᠪᠣᠯᠭᠠᠪᠠ᠃
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号