ᠮᠠᠩᠬᠠᠨ ᠰᠤᠮᠤ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/22
   10 ᠰᠠᠷ᠎ᠠ ᠶᠢᠨ 21 ᠤ ᠡᠳᠦᠷ᠂ ᠮᠠᠩᠬᠠᠨ ᠰᠤᠮᠤ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠤᠷᠢᠳ ᠬᠤᠵᠢᠳ ᠠᠯᠳᠠᠷᠲᠤ᠂ ᠢᠯᠠᠯᠲᠠ᠂ ᠪᠣᠷᠬᠠᠨᠲᠤ ᠵᠡᠷᠭᠡ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ ᠰᠣᠯᠢᠯᠴᠠᠨ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠴᠠᠭ᠎ᠠ ᠲᠣᠰᠬᠤᠨ ᠤ 2024 ᠣᠨ ᠤ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠲᠠᠲᠠᠪᠤᠷᠢᠯᠠᠨ ᠲᠤᠰᠢᠶᠠᠬᠤ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠬᠦᠴᠦᠲᠡᠶ ᠭᠦᠨᠵᠡᠭᠡᠶᠢᠷᠡᠭᠦᠯᠦᠨ ᠠᠬᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号