ᠡᠯᠡᠰᠦᠨ ᠪᠠᠯᠭᠠᠰᠤ᠄ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/10/22
   10 ᠰᠠᠷ᠎ᠠ ᠶᠢᠨ 21 ᠤ ᠡᠳᠦᠷ᠂  ᠡᠯᠡᠰᠦᠨ  ᠪᠠᠯᠭᠠᠰᠤᠨ ᠤ  ᠨᠠᠮ  ᠵᠠᠰᠠᠭ ᠤᠨ  ᠭᠤᠣᠯ  ᠬᠠᠷᠢᠭᠤᠴᠠᠯᠭᠠᠲᠠᠨ ᠳᠡᠷᠳᠠᠩ᠂ ᠠᠭᠤᠯᠠ ᠭᠠᠴᠠᠭ᠎ᠠ ᠪᠠᠷ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ᠂ ︽ᠬᠤᠶᠠᠷ ᠳᠠᠭᠠᠳᠬᠠᠯ︾ ᠢ ᠲᠠᠲᠠᠪᠤᠷᠢᠯᠠᠨ ᠲᠤᠰᠢᠶᠠᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠪᠣᠳᠠᠲᠠᠢ ᠠᠬᠢᠭᠤᠯᠬᠤ ᠠᠷᠭ᠎ᠠ ᠬᠡᠮᠵᠢᠶ᠎ᠡ ᠳᠤᠷᠠᠳᠴᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号