ᠪᠡᠭᠡᠵᠢᠩ ᠬᠤᠲᠠ ᠶᠢᠨ ᠮᠢ ᠶᠦᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠱᠦᠢᠴᠢᠤᠸᠠᠨ ᠰᠢᠶᠠᠩ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 22 ᠤ ᠡᠳᠦᠷ᠂ ᠪᠡᠭᠡᠵᠢᠩ ᠬᠤᠳᠠ ᠶᠢᠨ ᠮᠢ ᠶᠦᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠱᠦᠢᠴᠢᠤᠸᠠᠨ ᠰᠢᠶᠠᠩ ᠤᠨ ᠴᠣᠬᠤᠢ ᠶᠢᠨ ᠶᠣᠣ ᠲᠣᠰᠬᠤᠨ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠬᠠᠶ ᠪᠢᠨ ᠠᠵᠢᠯᠯᠠᠭ᠎ᠠ ᠳᠤ ᠣᠷᠣᠯᠴᠠᠵᠠᠶ᠃ ᠮᠢ ᠶᠦᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠷᠢᠳ ᠬᠤᠵᠢᠳ ᠬᠡᠰᠡᠭ ᠥᠨᠳᠥᠷ ᠨᠠᠰᠤᠲᠠᠢ ᠠᠬᠠᠮᠠᠳ ᠨᠠᠮ ᠤᠨ ᠭᠡᠰᠢᠭᠦᠨ ᠪᠣᠯᠤᠨ ᠣᠨᠴᠠᠭᠠᠢ ᠡᠷᠦᠬᠡ ᠪᠠᠷ ᠬᠦᠷᠴᠦ᠂ ᠲᠡᠳᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号