10 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠠᠶᠢᠩᠭᠤ ᠶᠢᠨ ᠬᠤᠷᠢᠶ᠎ᠠ 112 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠷᠠᠯ ᠠᠴᠠ | ︽ᠬᠠᠲᠠᠭᠤᠵᠢᠭᠤᠯᠤᠯᠲᠠ︾ ᠭᠡᠬᠦ ᠰᠢᠷᠢᠰ ᠪᠠᠷᠢᠮᠲᠠᠲᠤ ᠹᠢᠯᠢᠮ ᠤᠨ ᠭᠤᠷᠪᠠᠳᠤᠭᠠᠷ ᠪᠦᠯᠦᠭ ︽ᠢᠷᠠᠭᠤ ᠠᠯᠳᠠᠷ | ᠰᠢᠨ᠎ᠡ ᠠᠶᠠᠨ ᠵᠠᠮ ᠢ ᠭᠡᠷᠡᠯᠲᠦᠭᠦᠯᠦᠨᠡᠮ︾ ᠢ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ | ᠲᠠᠨᠢᠯᠲᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠤᠨ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ | ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠲᠠᠢ | ᠨᠢᠭᠲᠠ ᠤᠶᠠᠯᠳᠤᠭᠤᠯᠤᠨ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠵᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠤ ᠡᠵᠡᠯᠡᠬᠦ ᠨᠥᠬᠦᠪᠥᠷᠢᠯᠡᠬᠦ ᠲᠡᠩᠴᠡᠭᠦᠷᠢ ᠶᠢ | ᠲᠡᠭᠦᠯᠳᠡᠷᠵᠢᠭᠦᠯᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠪᠠᠶᠢᠳᠠᠯ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ︔ ᠬᠦᠷᠢᠶ᠎ᠡ ᠬᠤᠰᠢᠭᠤᠨ ᠤ 2024 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠪᠠ︔ ᠬᠤᠷᠠᠯ ᠠᠴᠠ ᠲᠦᠩᠯᠢᠶᠣᠤ ᠬᠤᠳᠠ ᠶᠢᠨ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠪᠠᠶᠢᠴᠠᠭᠠᠯᠲᠠ ᠶᠢᠨ ᠮᠡᠳᠡᠭᠦᠯᠦᠯᠲᠡ ᠳᠤ ᠲᠠᠶᠢᠯᠤᠮᠵᠢ ᠬᠢᠵᠦ᠂ | ᠬᠦᠷᠢᠶ᠎ᠡ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠦᠷᠢᠶ᠎ᠡ ᠬᠤᠰᠢᠭᠤᠨ ᠤ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ︔ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |