ᠰᠦ ᠤᠤᠭᠤᠬᠤ ᠳᠠᠭᠠᠨ ᠡᠳᠡᠭᠡᠷ ᠵᠦᠢᠯ ᠢ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2024/10/23
    22 ᠤᠨ ᠡᠳᠦᠷ ᠶᠠᠪᠤᠭᠳᠠᠭᠰᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ‌ᠵᠦ᠋ᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠡᠷᠬᠢᠯᠡᠭᠴᠢ ᠢᠦᠢ ᠺᠠᠩ ᠤᠨ ᠲᠠᠨᠢᠯᠴᠠᠭᠤᠯᠤᠭᠰᠠᠨ ᠢᠶᠠᠷ᠂ ︽ᠦᠯᠦᠨ ᠢᠶᠠᠷ ᠰᠦ ᠤᠤᠭᠤᠵᠤ ᠪᠣᠯᠬᠤ ᠦᠭᠡᠢ︾ ᠭᠡᠬᠦ ᠬᠡᠯᠡᠯᠭᠡ ᠨᠢ ᠪᠦᠷᠢᠨ ᠭᠦᠢᠴᠡᠳ ᠪᠣᠰᠤ  ᠂ ᠪᠣᠳᠠᠲᠠᠢ ᠪᠠᠶᠢᠳᠠᠯ ᠢ ᠦᠨᠳᠦᠰᠦᠯᠡᠬᠦ ᠬᠡᠷᠡᠭᠲᠡᠢ᠃ ᠰᠦᠨ ᠰᠢᠬᠢᠷ ᠲᠤ ᠲᠡᠰᠪᠦᠷᠢᠲᠡᠢ ᠬᠦᠮᠦᠨ ᠳᠤ ᠠᠪᠴᠤ ᠬᠡᠯᠡᠪᠡᠯ᠂ ᠦᠯᠦᠨ ᠢᠶᠠᠷ ᠰᠦ ᠤᠤᠭᠤᠬᠤ ᠨᠢ ᠰᠢᠮ᠎ᠡ ᠲᠡᠵᠢᠭᠡᠯ ᠤᠨ ᠰᠢᠩᠭᠡᠭᠡᠯᠲᠡ ᠶᠢ ᠨᠥᠯᠦᠭᠡᠯᠡᠬᠦ ᠦᠭᠡᠢ ᠪᠣᠯᠬᠤᠷ ᠰᠢᠮ᠎ᠡ ᠲᠡᠵᠢᠭᠡᠯ ᠠᠯᠳᠠᠭᠳᠠᠬᠤ ᠠᠰᠠᠭᠤᠳᠠᠯ ᠣᠷᠤᠰᠢᠬᠤ ᠦᠭᠡᠢ᠃ ᠰᠦᠨ ᠰᠢᠬᠢᠷ ᠲᠤ ᠲᠡᠰᠪᠦᠷᠢ ᠦᠭᠡᠢ᠂ ᠬᠤᠳᠤᠭᠤᠳᠤ ᠭᠡᠳᠡᠰᠦ ᠨᠢ ᠠᠨᠠᠢ ᠬᠦᠮᠦᠨ ᠳᠤ ᠠᠪᠴᠤ ᠬᠡᠯᠡᠪᠡᠯ᠂ ᠦᠯᠦᠨ ᠢᠶᠠᠷ ᠰᠦ ᠤᠤᠭᠤᠪᠠᠯ ᠭᠡᠳᠡᠰᠦ ᠲᠡᠯᠡᠵᠦ ᠰᠠᠭᠤᠯᠭᠠᠬᠤ ᠪᠣᠯᠤᠮᠵᠢ ᠲᠠᠢ᠂ ᠡᠶᠢᠮᠦ ᠠᠴᠠ ᠰᠦ ᠤᠤᠭᠤᠬᠤ ᠳᠠᠭᠠᠨ ᠲᠠᠯᠬ᠎ᠠ᠂ ᠮᠠᠨᠲᠠᠤ ᠵᠡᠷᠭᠡ ᠬᠤᠯᠢᠵᠤ ᠢᠳᠡᠬᠦ ᠪᠣᠶᠤ ᠤᠷᠢᠳᠠᠪᠠᠷ ᠪᠣᠰᠤᠳ ᠵᠦᠢᠯ ᠤᠨ ᠢᠳᠡᠭᠡᠨ ᠢ ᠢᠳᠡᠵᠦ ᠳᠠᠷᠠᠭ᠎ᠠ ᠨᠢ ᠰᠠᠶ᠋ᠢ ᠰᠦ ᠤᠤᠭᠤᠪᠠᠯ ᠵᠣᠬᠢᠨ᠎ᠠ᠃    ᠳᠤᠮᠳᠠᠳᠤ ᠤᠯᠤᠰ ᠤᠨ ᠰᠠᠭᠤᠭᠠᠯᠢ  ᠠᠷᠠᠳ ᠤᠨ  ᠢᠳᠡᠭᠡᠨ  ᠤᠮᠳᠠᠭᠠᠨᠨ ᠤ  ᠵᠢᠭᠠᠯᠲᠠ ︵ 2022 ᠣᠨ ᠤ ᠬᠡᠪᠯᠡᠯ︶ ᠶᠢ ᠦᠨᠳᠦᠰᠦᠯᠡᠪᠡᠯ᠂ ᠡᠳᠦᠷ ᠪᠦᠷᠢ 300 - 500 ml ᠰᠦ ᠤᠤᠭᠤᠬᠤ ᠪᠣᠶᠤ ᠠᠳᠠᠯᠢ ᠬᠡᠮᠵᠢᠶᠡᠨ ᠤ ᠴᠠᠭᠠᠨ ᠢᠳᠡᠭᠡ ᠢᠳᠡᠪᠡᠯ ᠵᠣᠬᠢᠨ᠎ᠠ᠃ ᠦᠨᠢᠶᠡᠨ ᠰᠦ ᠶᠢ ᠬᠡᠲᠦᠷᠡᠲᠡᠯ᠎ᠡ ᠤᠤᠭᠤᠪᠠᠯ᠂ ᠤᠭᠤᠷᠠᠭ ᠤᠨ ᠬᠡᠮᠵᠢᠶ᠎ᠡ ᠬᠡᠲᠦᠷᠡᠭᠰᠡᠨ ᠠᠴᠠ ᠪᠣᠯᠵᠤ᠂ ᠰᠢᠭᠡᠰᠦᠨ ᠤ ᠺᠠᠯᠼᠢ ᠤᠨ ᠭᠡᠭᠡᠭᠳᠡᠯ ᠢ ᠨᠡᠮᠡᠭᠳᠡᠭᠦᠯᠬᠦ ᠮᠦᠷᠲᠡᠭᠡᠨ ᠥᠭᠡᠬᠦ ᠪᠣᠯᠤᠨ ᠡᠨᠧᠷᠬᠢ ᠶᠢ ᠬᠡᠲᠦᠷᠬᠡᠢ ᠠᠷᠪᠢᠨ ᠰᠢᠩᠭᠡᠭᠡᠵᠦ ᠮᠡᠳᠡᠨ᠎ᠡ᠂ ᠡᠨᠡ ᠨᠢ ᠡᠷᠡᠭᠦᠯ ᠮᠡᠨᠳᠦ ᠳᠤ ᠠᠰᠢᠭ ᠦᠭᠡᠢ᠃    2 - 17 ᠨᠠᠰᠤᠨ ᠤ ᠬᠡᠦᠭᠡᠳ ᠪᠠᠭᠠᠴᠤᠳ ᠡᠳᠦᠷ ᠪᠦᠷᠢ ᠰᠦ ᠤᠤᠭᠤᠬᠤ᠂ ᠰᠢᠨᠵᠢᠯᠡᠬᠦ ᠤᠬᠠᠭᠠᠨᠴᠢ ᠪᠠᠷ ᠰᠦ ᠤᠤᠭᠤᠬᠤ᠂ ᠴᠠᠭᠠᠨ ᠢᠳᠡᠭᠡ  ᠢᠳᠡᠬᠦ ᠳᠠᠳᠬᠠᠯ ᠲᠠᠢ  ᠪᠠᠶᠢᠪᠠᠯ ᠰᠠᠶᠢᠨ᠃  ᠦᠷᠯᠦᠭᠡᠨ ᠤ ᠬᠤᠭᠤᠯᠠᠨ ᠳᠠᠭᠠᠨ 200 - 250 ml  ᠦᠨᠢᠶᠡᠨ ᠰᠦ ᠤᠤᠭᠤᠵᠤ᠂ 1 - 2 ᠬᠡᠰᠡᠭ ᠴᠠᠭᠠᠨ ᠢᠳᠡᠭᠡᠨ ᠢᠳᠡᠵᠦ᠂ ᠬᠢᠴᠢᠶᠡᠯ ᠤᠨ ᠵᠠᠪᠰᠠᠷᠯᠠᠭ᠎ᠠ ᠳᠤ ᠪᠠᠰᠠ 150 ml  ᠣᠷᠴᠢᠮ ᠡᠭᠡᠳᠡᠭᠰᠡᠨ ᠰᠦ ᠤᠤᠭᠤᠪᠠᠯ ᠵᠣᠬᠢᠨ᠎ᠠ᠃
 
ᠢᠷᠡᠯᠲᠡ᠄ ᠥᠪᠦᠷ ᠮᠣᠩᠭᠤᠯ ᠤᠨ ᠮᠣᠩᠭᠤᠯ ᠷᠠᠳᠢᠤ᠋ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号