ᠲᠦᠩᠯᠢᠶᠣᠣ ᠬᠤᠲᠠ ᠶᠢᠨ ᠬᠢᠨ ︽ᠲᠠᠪᠤᠨ ᠲᠥᠪᠯᠡᠷᠡᠭᠦᠯᠬᠦ︾ ᠠᠷᠠᠳ ᠤᠨ ᠠᠮᠢᠳᠤᠷᠠᠯ ᠤᠨ ᠢᠨᠵᠧᠨᠧᠷᠢᠩ ᠢ | ᠰᠢᠯᠢᠳᠡᠭᠵᠢᠭᠦᠯᠦᠨ ᠪᠣᠳᠠᠲᠠᠶᠢᠵᠢᠭᠤᠯᠪᠠ᠃ ᠨᠢᠭᠡ ᠳᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ | ᠪᠠᠯᠭᠠᠰᠤᠨ ᠤ 16544 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠣᠨ ᠤ | ᠡᠭᠦᠷᠭᠡ ᠶᠢᠨ 132.35% ᠶᠢ ᠪᠡᠶᠡᠯᠡᠭᠦᠯᠪᠡ︔ ᠶᠡᠭᠡ ᠳᠡᠭᠡᠳᠦ ᠰᠤᠷᠭᠠᠭᠤᠯᠢ ᠳᠡᠭᠦᠰᠦᠭᠰᠡᠳ ᠲᠤ ᠠᠵᠢᠯ | ᠣᠯᠭᠤᠬᠤ ᠪᠤᠶᠤ ᠠᠵᠢᠯ ᠣᠯᠬᠤ ᠬᠠᠨᠳᠤᠰᠢ ᠶᠢ 7025 ᠬᠦᠮᠦᠨ ᠳᠤ ᠪᠡᠶᠡᠯᠡᠭᠦᠯᠵᠦ ᠨᠠᠶᠢᠳᠠᠪᠤᠷᠢᠵᠢᠭᠤᠯᠪᠠ᠃ | ᠬᠤᠶᠠᠷ ᠲᠤ᠂ ᠴᠡᠴᠡᠷᠯᠢᠭ ᠤᠨ ᠬᠡᠦᠬᠡᠳ ᠤᠨ ᠣᠷᠤ ᠶᠢ ᠨᠢ ᠨᠡᠮᠡᠭᠳᠡᠭᠦᠯᠬᠦ ᠳᠤ ᠠᠩᠬᠠᠷᠤᠯ ᠢᠶᠠᠨ | ᠲᠦᠪᠯᠡᠷᠡᠭᠦᠯᠪᠡ ᠂ ᠡᠨᠡ ᠵᠢᠯ ᠪᠥᠬᠦ ᠬᠤᠲᠠ ᠳᠤ ᠬᠡᠦᠬᠡᠳ ᠤᠨ ᠴᠡᠴᠡᠷᠯᠢᠭ ᠢ 10 ᠰᠢᠨ᠎ᠡ ᠪᠠᠷ ᠪᠠᠶᠢᠭᠤᠯᠵᠤ | ᠥᠭᠡᠷᠡᠴᠢᠯᠡᠨ ᠪᠠᠶᠢᠭᠤᠯᠵᠤ ᠡᠭᠡᠭᠦᠯᠦᠨ ᠬᠤᠳᠠᠯᠳᠤᠨ ᠠᠪᠬᠤ ᠪᠠᠷ ᠲᠥᠯᠥᠪᠯᠡᠵᠦ᠂ ᠵᠢᠱᠢᠯᠲᠡ ᠪᠠᠷ ᠴᠡᠴᠡᠷᠯᠢᠭ ᠤᠨ | ᠬᠡᠦᠬᠡᠳ ᠤᠨ ᠣᠷᠣ 2670 ᠰᠢᠨ᠎ᠡ ᠪᠠᠷ ᠨᠡᠮᠡᠭᠳᠡᠬᠦ ᠪᠣᠯᠤᠨ᠎ᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ | ᠨᠢᠭᠡᠨᠲᠡ 7 ᠶᠢ ᠨᠢ ᠠᠵᠢᠯ ᠡᠬᠢᠯᠡᠭᠦᠯᠪᠡ᠂ ᠡᠭᠦᠨ ᠳᠤ 1 ᠶᠢ ᠨᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠨᠡᠶᠢᠲᠡ | ᠴᠡᠴᠡᠷᠯᠢᠭ ᠤᠨ ᠬᠡᠦᠬᠡᠳ ᠤᠨ ᠣᠷᠣ ᠶᠢ 240 ᠰᠢᠨ᠎ᠡ ᠪᠠᠷ ᠨᠡᠮᠡᠭᠳᠡᠭᠦᠯᠪᠡ᠃ ᠭᠤᠷᠪᠠ ᠳᠤ᠂ ᠬᠡᠤᠬᠡᠳ | ᠰᠠᠭᠠᠲᠠᠭᠤᠯᠬᠤ ᠭᠠᠵᠠᠷ ᠤᠨ ᠣᠷᠣ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠬᠡᠤᠬᠡᠳ ᠰᠠᠭᠠᠲᠠᠭᠤᠯᠬᠤ | ᠪᠠᠶᠢᠭᠤᠯᠤᠮᠵᠢ ᠶᠢᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠡᠨᠡ ᠵᠢᠯ 1166 ᠣᠷᠣ ᠶᠢ | ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 2099 ᠣᠷᠣ ᠶᠢ ᠨᠡᠮᠡᠭᠳᠡᠭᠦᠯᠵᠦ᠂ | ᠪᠡᠶᠡᠯᠡᠭᠦᠯᠦᠭᠰᠡᠨ ᠨᠣᠷᠮ᠎ᠠ 180% ᠳᠤ ᠬᠦᠷᠪᠡ᠃ ᠳᠥᠷᠪᠡ ᠳᠤ᠂ ᠨᠠᠰᠤᠵᠢᠯ ᠤᠨ ᠠᠰᠠᠷᠠᠮᠵᠢ ᠶᠢᠨ ᠣᠷᠣ ᠶᠢ | ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠡᠨᠡ ᠵᠢᠯ 200 ᠭᠠᠷᠤᠶ ᠲᠦᠮᠡᠨ ᠲᠥᠭᠦᠷᠢᠭ ᠤᠨ ᠪᠡᠯᠡ | ᠣᠷᠤᠭᠤᠯᠵᠤ᠂ ᠬᠤᠲᠠ ᠪᠠᠯᠭᠠᠰᠤ ᠶᠢᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢ 10 ᠪᠠᠶᠢᠭᠤᠯᠬᠤ ᠪᠠᠷ ᠲᠦᠯᠦᠪᠯᠡᠵᠦ᠂ ᠣᠳᠣᠬᠠᠨ ᠳᠤ ᠨᠢᠭᠡᠨᠲᠡ ᠪᠦᠬᠦᠨ ᠢ | ᠪᠠᠶᠢᠭᠤᠯᠵᠤ ᠳᠠᠭᠤᠰᠬᠠᠪᠠ︔ ᠪᠦᠬᠦ ᠬᠤᠲᠠ ᠶᠢᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ᠂ ᠦᠢᠯᠡᠴᠢᠯᠡᠭᠡᠨ ᠤ ᠥᠷᠲᠡᠭᠡ ᠨᠡᠶᠢᠲᠡ 951 ᠪᠣᠯᠵᠤ᠂ ᠬᠤᠲᠠ ᠪᠠᠯᠭᠠᠰᠤ ᠶᠢᠨ ᠭᠡᠷ ᠪᠦᠯᠢ ᠶᠢᠨ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠨᠡᠶᠢᠳᠡᠮ ᠪᠦᠷᠬᠦᠭᠦᠯᠬᠦ ᠶᠢ | ᠦᠨᠳᠦᠰᠦᠨ ᠳᠤ ᠪᠠᠨ ᠪᠡᠶᠡᠯᠡᠭᠦᠯᠪᠡ︔ ᠪᠥᠬᠦ ᠬᠤᠲᠠ ᠳᠤ ᠨᠢᠭᠡᠨᠲᠡ ᠰᠤᠮᠤ ᠰᠢᠶᠠᠩ ᠪᠠᠯᠭᠠᠰᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠢ 22 ᠪᠠᠶᠢᠭᠤᠯᠪᠠ︔ ᠪᠦᠬᠦ ᠬᠤᠳᠠ ᠶᠢᠨ ᠨᠠᠰᠤᠵᠢᠯᠳᠡ ᠳᠤ ᠲᠣᠬᠢᠷᠠᠭᠰᠠᠨ | 1000 ᠡᠷᠤᠬᠡ ᠶᠢ ᠰᠠᠶᠢᠵᠢᠷᠠᠭᠤᠯᠵᠤ ᠰᠢᠨᠡᠳᠭᠡᠬᠦ ᠡᠭᠦᠷᠭᠡ ᠪᠠᠨ ᠨᠢᠬᠡᠨᠳᠡ ᠪᠦᠬᠦᠨ ᠢ ᠪᠡᠶᠡᠯᠡᠭᠦᠯᠪᠡ︔ | ᠣᠳᠤᠬᠠᠨ ᠳᠤ ᠪᠦᠬᠦ ᠬᠤᠲᠠ ᠳᠤ ᠨᠠᠰᠤᠵᠢᠯ ᠤᠨ ᠠᠰᠠᠷᠠᠮᠵᠢ ᠶᠢᠨ ᠣᠷᠣ 8500 ᠪᠠᠶᠢᠨ᠎ᠠ᠃ ᠲᠠᠪᠤ ᠳᠤ᠂ | ᠡᠮᠴᠢᠯᠡᠭᠡᠨ ᠤ ᠪᠠᠲᠤᠯᠠᠭ᠎ᠠ ᠶᠢᠨ ᠭᠠᠵᠠᠷ ᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 2521᠂ | ᠪᠠᠷᠢᠮᠵᠢᠶᠠᠵᠢᠭᠤᠯᠤᠭᠰᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 1699᠂ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ | ᠳᠠᠭᠠᠭᠠᠨ ᠡᠷᠬᠢᠯᠡᠵᠦ ᠪᠣᠯᠬᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 2521 ᠪᠠᠶᠢᠭᠤᠯᠵᠤ᠂ ᠦᠨᠳᠦᠰᠦᠨ ᠱᠠᠲᠤᠨ ᠤ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠪᠠᠨ ᠪᠡᠶᠡᠯᠡᠭᠦᠯᠪᠡ᠃ ︵ᠲᠦᠩᠯᠢᠶᠣᠣ | ᠬᠤᠲᠠ ᠶᠢᠨ ᠵᠠᠰᠠᠭ ᠤᠨ ᠣᠷᠳᠣᠨ︶ |