ᠪᠥᠬᠦ ᠬᠤᠰᠢᠭᠤᠨ ᠤ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠠᠬᠢᠭᠤᠯᠬᠤ ᠵᠢᠴᠢ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/25
    10 ᠰᠠᠷ᠎ᠠ ᠶᠢᠨ 24 ᠤ ᠡᠳᠦᠷ᠂ ᠪᠥᠬᠦ ᠬᠤᠰᠢᠭᠤᠨ ᠤ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠠᠬᠢᠭᠤᠯᠬᠤ ᠵᠢᠴᠢ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ᠃ ᠬᠤᠷᠠᠯ ᠳᠡᠭᠡᠷ᠎ᠡ  ︽ᠳᠤᠮᠳᠠᠳᠤ ᠤᠯᠤᠰ ᠤᠨ  ᠡᠪ ᠬᠠᠮᠲᠤ ᠨᠠᠮ ᠤᠨ  ᠴᠢᠬᠤᠯᠠ ᠶᠡᠭᠡ ᠤᠴᠢᠷ ᠶᠠᠪᠤᠳᠠᠯ ᠳᠤ  ᠵᠢᠭᠠᠪᠤᠷᠢ ᠠᠪᠬᠤ ᠪᠠ ᠮᠡᠳᠡᠭᠦᠯᠬᠦ ᠲᠦᠷᠢᠮ︾᠂ ︽ᠪᠥᠬᠦ ᠬᠤᠲᠠ ᠶᠢᠨ ᠨᠠᠮ ᠤᠨ ᠬᠤᠷᠢᠶᠠᠨ ᠤ ᠰᠢᠰᠲ᠋ᠧᠮ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠᠷᠢᠮᠵᠢᠶ᠎ᠠ ᠪᠠ ᠶᠠᠪᠤᠴᠠ︾᠂ ᠪᠥᠬᠦ ᠬᠤᠲᠠ ᠶᠢᠨ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠠᠬᠢᠭᠤᠯᠬᠤ ᠬᠤᠷᠠᠯ ᠪᠠ ᠪᠥᠬᠦ ᠬᠤᠲᠠ ᠶᠢᠨ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢ ᠢᠦᠶ ᠹᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠬᠤᠯᠠ ᠶᠡᠭᠡ ᠪᠠᠴᠢᠮ ᠮᠡᠳᠡᠭᠡ ᠵᠠᠩᠭᠢ ᠨᠢ ᠤᠯᠤᠰ ᠤᠨ ᠲᠣᠭᠲᠠᠭᠤᠨ᠂ ᠠᠷᠠᠳ ᠲᠦᠮᠡᠨ ᠤ ᠠᠮᠤᠷ ᠲᠦᠪᠰᠢᠨ ᠪᠠ ᠨᠠᠮ ᠤᠨ ᠲᠥᠷᠥ ᠪᠠᠷᠢᠬᠤ ᠰᠠᠭᠤᠷᠢ ᠲᠠᠢ ᠬᠤᠯᠪᠣᠭᠳᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠥᠬᠦ ᠬᠤᠰᠢᠭᠤᠨ ᠤ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号