ᠯᠢ ᠶᠦᠨ ᠫᠧᠩ ᠪᠠᠶᠠᠨᠬᠤᠸᠠ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2024/10/25
    10 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠶᠦᠨ ᠫᠧᠩ ᠪᠠᠶᠠᠨᠬᠤᠸᠠ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠲᠣᠰᠬᠤᠨ ᠤ ᠱᠠᠲᠤᠨ ᠤ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠡᠷᠦᠬᠡ ᠳᠤ ᠬᠦᠷᠴᠦ ᠲᠤᠭᠤᠷᠢᠨ ᠦᠵᠡᠬᠦ ᠪᠠᠷ ᠳᠠᠮᠵᠢᠨ᠂ ᠤᠯᠠᠨ ᠲᠦᠮᠡᠨ ᠤ ᠠᠵᠤ ᠦᠢᠯᠡᠰ ᠤᠨ ᠬᠥᠭᠵᠢᠯᠲᠡ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠡᠷᠡᠭᠴᠡᠭᠡ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠲᠠᠷᠢᠶᠠᠯᠠᠩ ᠮᠠᠯ ᠠᠵᠤ ᠠᠬᠤᠢ ᠶᠢ ᠦᠷᠭᠦᠯᠵᠢᠯᠡᠨ ᠰᠠᠶᠢᠲᠤᠷ ᠬᠥᠭᠵᠢᠭᠦᠯᠬᠦ ᠶᠢ ᠵᠣᠷᠢᠭᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号