10 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠰᠢ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ | ᠵᠢᠢ ᠱᠤᠸᠠᠩ ᠯᠢ ᠡᠯᠡᠰᠦᠨ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠡᠸ᠋ᠪᠧ᠂ ᠳᠠᠷᠳᠠᠩ᠂ ᠵᠢᠯᠡᠲᠦ ᠵᠡᠷᠭᠡ ᠭᠠᠴᠠᠭ᠎ᠠ | ᠲᠣᠰᠬᠤᠨ ᠳᠤ ᠭᠦᠨᠵᠡᠭᠡᠶᠢᠷᠡᠵᠦ᠂ ᠡᠷᠦᠬᠡ ᠳᠤ ᠬᠦᠷᠴᠦ ᠲᠤᠭᠤᠷᠢᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ | ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ᠂ | ᠭᠤᠤᠯᠳᠠᠯᠭ᠎ᠠ ᠲᠠᠢ ᠬᠥᠮᠦᠰ ᠤᠨ ᠣᠷᠣᠯᠭ᠎ᠠ ᠵᠠᠷᠤᠯᠭ᠎ᠠ ᠶᠢ ᠲᠣᠭᠠᠴᠠᠭ᠎ᠠ ᠬᠢᠬᠦ᠂ ᠬᠥᠳᠡᠯᠦᠩᠭᠦᠶ ᠪᠠᠷ ᠬᠢᠨᠠᠨ ᠬᠡᠮᠵᠢᠵᠦ | ᠬᠠᠪᠰᠤᠷᠤᠨ ᠲᠡᠳᠬᠦᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ | ᠪᠠᠶᠢᠭ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ | | | |