10 ᠰᠠᠷ᠎ᠠ ᠶᠢᠨ 24 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠠᠴᠠ ᠭᠤᠤᠯᠯᠠᠨ ᠡᠷᠭᠢᠯᠡᠵᠦ᠂ ᠨᠠᠢᠮᠠᠨ ᠬᠤᠰᠢᠭᠤᠨ ᠤ ᠤᠯᠠᠭᠠᠨᠮᠥ᠋ᠴᠢᠷ ᠠᠴᠠ ᠳᠠᠭᠠᠭᠠᠨ ᠡᠷᠭᠢᠯᠡᠭᠰᠡᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠲᠡ | ᠪᠣᠯᠬᠤ ᠨᠠᠮ ᠤᠨ ᠲᠡᠤᠬᠡ ᠶᠢᠨ ᠥᠯᠢᠭᠡᠷ ᠤᠨ ᠦᠵᠡᠭᠳᠡᠯᠲᠦ ᠵᠦᠴᠦᠭᠡ ︽ᠬᠤᠪᠢᠰᠬᠠᠯᠲᠤ ᠬᠡᠷ ᠤᠨ ᠵᠠᠬᠢᠳᠠᠯ︾ ᠤᠨ | ᠦᠨᠳᠦᠰᠦᠨ ᠱᠠᠲᠤᠨ ᠳᠠᠬᠢ ᠲᠣᠭᠤᠷᠢᠨ ᠲᠣᠭᠯᠠᠯᠲᠠ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ | ᠣᠯᠠᠨ ᠴᠢᠳᠠᠮᠵᠢᠳᠤ ᠲᠢᠩᠬᠢᠮ ᠳᠤ ᠭᠤᠶᠢᠳᠠ ᠰᠠᠶᠢᠬᠠᠨ ᠶᠠᠪᠤᠭᠳᠠᠪᠠ᠃ ᠨᠠᠢᠮᠠᠨ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠣᠣ ᡁᠢ ᠭᠠᠩ᠂ ᠬᠤᠰᠢᠭᠤᠨ ᠤ | ᠤᠳᠤᠷᠢᠳᠤᠯᠭ᠎ᠠ ᠯᠢ ᠶᠦᠨ ᠫᠧᠩ᠂ ᠢᠦᠶ ᠮᠢᠩ ᠮᠢᠩ ᠠᠬᠤᠢ ᠲᠠᠯᠠᠪᠠᠶ ᠳᠤ ᠬᠦᠷᠴᠦ ᠦᠵᠡᠪᠡ᠃ | ᠲᠣᠭᠯᠠᠯᠲᠠ ᠨᠢ ᠶᠠᠷᠢᠶᠠᠲᠤ ᠵᠦᠴᠦᠭᠡ᠂ ᠪᠥᠵᠢᠭ᠂ ᠤᠷᠠᠨ ᠤᠩᠰᠢᠯᠭ᠎ᠠ ᠶᠢ ᠨᠢᠭᠡ ᠴᠣᠭᠴᠠ ᠪᠣᠯᠭᠠᠵᠤ᠂ | ᠭᠤᠶᠢᠳᠠ ᠰᠠᠶᠢᠬᠠᠨ ᠲᠣᠭᠯᠠᠯᠲᠠ ᠪᠠ ᠬᠥᠮᠦᠰ ᠤᠨ ᠪᠠᠭ᠋ᠠᠷᠬᠠᠯ ᠢ ᠲᠠᠲᠠᠭᠰᠠᠨ ᠦᠯᠢᠭᠡᠷ ᠤᠨ ᠦᠢᠯᠡ ᠶᠠᠪᠤᠳᠠᠯ ᠨᠢ | ᠦᠵᠡᠭᠴᠢᠳ ᠲᠤ ᠭᠦᠨ ᠰᠠᠭᠤᠭᠳᠠᠯ ᠥᠭᠴᠦ᠂ ᠬᠥᠮᠦᠰ ᠤᠨ ᠰᠡᠳᠬᠢᠯ ᠢ ᠳᠣᠭᠳᠣᠯᠤᠭᠤᠯᠵᠤ᠂ ᠠᠬᠤᠢ ᠲᠠᠯᠠᠪᠠᠢ ᠳᠤ | ᠨᠢᠵᠢᠭᠢᠨᠡᠭᠰᠡᠨ ᠠᠯᠠᠭ᠎ᠠ ᠲᠠᠰᠢᠯᠲᠠ ᠶᠢᠨ ᠳᠠᠭᠤᠨ ᠦᠷᠬᠦᠯᠵᠢᠯᠡᠨ᠎ᠡ᠃ | ︽ᠬᠤᠪᠢᠰᠬᠠᠯᠲᠤ ᠭᠡᠷ ᠤᠨ ᠵᠠᠬᠢᠳᠠᠯ︾ ᠪᠣᠯ ᠨᠠᠢᠮᠠᠨ ᠬᠤᠰᠢᠭᠤᠨ ᠤ ᠤᠯᠠᠭᠠᠨᠮᠥ᠋ᠴᠢᠷ ᠠᠴᠠ ᠨᠠᠢᠮᠠᠨ | ᠬᠤᠰᠢᠭᠤᠨ ᠳᠤ ᠠᠮᠢ ᠪᠡᠶ᠎ᠡ ᠪᠠᠨ ᠦᠷᠡᠭᠳᠡᠭᠦᠯᠦᠭᠰᠡᠨ ᠠᠷᠠᠳ ᠤᠨ ᠪᠠᠭᠠᠲᠤᠷ ᠯᠢᠶᠠᠩ ᠳ᠋ᠦᠩ ᠮᠢᠩ ᠤᠨ ᠦᠨᠡᠨ | ᠪᠣᠳᠠᠲᠠᠶ ᠦᠯᠢᠭᠡᠷ ᠢ ᠦᠨᠳᠦᠰᠦᠯᠡᠨ ᠵᠣᠬᠢᠶᠠᠨ ᠪᠦᠲᠦᠭᠡᠭᠰᠡᠨ ᠨᠠᠮ ᠤᠨ ᠲᠡᠦᠬᠡ ᠶᠢᠨ ᠦᠵᠡᠭᠳᠡᠯᠲᠦ ᠵᠦᠴᠦᠭᠡ | ᠪᠣᠯᠤᠨ᠎ᠠ᠂ ᠯᠢᠶᠠᠩ ᠳ᠋ᠦᠩ ᠮᠢᠩ ᠤᠨ ᠨᠢᠭᠡᠨ ᠬᠠᠭᠤᠳᠠᠰᠤ ᠬᠤᠪᠢᠰᠬᠠᠯᠲᠤ ᠭᠡᠷ ᠤᠨ ᠵᠠᠬᠢᠳᠠᠯ ᠢᠶᠠᠷ ᠭᠤᠤᠯ ᠰᠢᠵᠢᠮ | ᠪᠣᠯᠭᠠᠵᠤ᠂ ᠲᠡᠭᠦᠨ ᠤ ᠨᠠᠢᠮᠠᠨ ᠬᠤᠰᠢᠭᠤᠨ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ᠂ ᠳ᠋ᠦᠩ ᠮᠢᠩ | ᠪᠠᠯᠭᠠᠰᠤ ᠶᠢᠨ ᠭᠠᠵᠠᠷ ᠣᠷᠣᠨ ᠳᠤ ᠬᠦᠷᠴᠦ ᠡᠮᠦᠨ᠎ᠡ ᠹᠷᠣᠨᠲ ᠢ ᠳᠡᠮᠵᠢᠬᠦ ᠡᠳ᠋ ᠪᠣᠳᠠᠰ ᠴᠤᠭᠯᠠᠭᠤᠯᠵᠤ ᠪᠠᠶᠢᠭᠠᠳ | ᠪᠦᠰᠡᠯᠡᠯᠲᠡ ᠳᠤ ᠤᠴᠠᠷᠠᠵᠤ᠂ ᠬᠤᠯᠪᠤᠭᠠᠴᠢᠨ ᠪᠠᠶᠢᠯᠳᠤᠭᠴᠢ ᠶᠢ ᠬᠠᠮᠠᠭᠠᠯᠠᠬᠤ ᠶᠢᠨ ᠲᠥᠯᠦᠭᠡ ᠪᠠᠭᠠᠲᠤᠷᠯᠢᠭ ᠢᠶᠠᠷ | ᠪᠡᠶ᠎ᠡ ᠦᠷᠡᠭᠳᠡᠭᠰᠡᠨ ᠦᠯᠢᠭᠡᠷ ᠢ ᠶᠠᠷᠢᠵᠤ᠂ ᠯᠢᠶᠠᠩ ᠳ᠋ᠦᠩ ᠮᠢᠩ᠂ ᠯᠢᠦ ᠢᠦᠶ ᠴᠦᠨ ᠵᠡᠷᠭᠡ ᠬᠤᠪᠢᠰᠬᠠᠯᠲᠤ | ᠪᠠᠶᠢᠯᠳᠤᠭᠴᠢᠳ ᠤᠨ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠶᠢᠨ | ᠬᠥᠭᠡᠭᠡᠴᠡᠯᠳᠦᠯ᠂ ᠡᠷᠡᠰ ᠬᠠᠲᠠᠭᠤ ᠳᠠᠶᠢᠴᠢᠨ ᠵᠣᠷᠢᠭ ᠰᠠᠨᠠᠭ᠎ᠠ ᠪᠠ ᠰᠡᠳᠬᠢᠯ ᠬᠥᠳᠡᠯᠭᠡᠮ᠎ᠡ ᠤᠯᠤᠰ ᠢᠶᠠᠨ ᠬᠠᠶᠢᠷᠠᠯᠠᠬᠤ | ᠰᠡᠳᠬᠢᠯᠭᠡ ᠶᠢ ᠨᠢ ᠢᠯᠡᠷᠡᠭᠦᠯᠪᠡ᠃ | ᠲᠤᠰ ᠤᠳᠠᠭᠠᠨ ᠤ ᠲᠣᠭᠯᠠᠯᠲᠠ ᠨᠢ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠠᠮᠢᠨ | ᠰᠤᠳᠠᠰᠤ ᠶᠢ ᠵᠠᠯᠭᠠᠮᠵᠢᠯᠠᠨ᠂ ᠠᠷᠠᠳ ᠲᠥᠮᠡᠨ ᠤ ᠬᠦᠰᠡᠯᠡᠩ ᠢᠲᠡᠭᠡᠯ ᠪᠢᠰᠢᠷᠡᠯ ᠢ ᠬᠥᠭᠵᠢᠭᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠲᠥᠯᠥᠭᠡ ᠡᠷᠡᠯᠬᠡᠭᠯᠡᠨ ᠤᠷᠤᠭᠰᠢᠯᠠᠵᠤ᠂ ᠴᠥᠬᠦᠷᠡᠰᠢ ᠦᠭᠡᠢ ᠲᠡᠮᠡᠴᠡᠬᠦ ᠶᠢᠨ ᠲᠥᠯᠥᠭᠡ | ᠶᠤᠮ᠃ | | | |