10 ᠳ᠋ᠤᠭᠠᠷ ᠰᠠᠷ᠎ᠠ ᠶᠢᠨ 23 ᠤ ᠡᠳᠦᠷ ᠲᠦᠩᠯᠢᠶᠣᠤ ᠬᠤᠲᠠ ᠪᠣᠯᠤᠨ ᠱᠠᠩᠬᠠᠶ ᠶᠢᠨ ᠬᠠᠺᠷᠧᠰ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ 279 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ ︽ᠲᠡᠷᠭᠡ ᠵᠠᠮ ᠡᠨᠧᠷᠭᠢ ᠶᠢᠨ ᠡᠭᠦᠯᠡᠨ ᠲᠠᠪᠴᠠᠩ︾ ᠤᠨ ᠨᠢᠭᠡ ᠴᠣᠭᠴᠠᠵᠢᠭᠰᠠᠨ ᠲᠥᠷᠥᠯ ᠵᠦᠢᠯ ᠳᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/10/28
    10 ᠳ᠋ᠤᠭᠠᠷ ᠰᠠᠷ᠎ᠠ ᠶᠢᠨ 23 ᠤ ᠡᠳᠦᠷ ᠲᠦᠩᠯᠢᠶᠣᠤ ᠬᠤᠲᠠ ᠪᠣᠯᠤᠨ ᠱᠠᠩᠬᠠᠶ ᠶᠢᠨ ᠬᠠᠺᠷᠧᠰ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ 279 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ ︽ᠲᠡᠷᠭᠡ ᠵᠠᠮ ᠡᠨᠧᠷᠭᠢ ᠶᠢᠨ ᠡᠭᠦᠯᠡᠨ ᠲᠠᠪᠴᠠᠩ︾ ᠤᠨ ᠨᠢᠭᠡ ᠴᠣᠭᠴᠠᠵᠢᠭᠰᠠᠨ ᠲᠥᠷᠥᠯ ᠵᠦᠢᠯ ᠳᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ 220 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ ᠬᠠᠺᠷᠧᠰ ᠤᠨ ︽ᠲᠡᠷᠭᠡ ᠵᠠᠮ ᠡᠨᠧᠷᠭᠢ ᠶᠢᠨ ᠡᠭᠦᠯᠡᠨ ᠲᠠᠪᠴᠠᠩ︾ ᠤᠨ ᠨᠢᠭᠡ ᠴᠣᠭᠴᠠᠵᠢᠭᠰᠠᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠤᠨ᠎ᠠ᠃ ᠨᠢᠭᠡᠳᠦᠭᠡᠷ ᠬᠤᠭᠤᠴᠠᠭᠠᠨ ᠳᠤ ᠨᠡᠶᠢᠲᠡ 13 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠎ᠠ᠂ ᠭᠤᠣᠯᠳᠠᠭᠤ ᠵᠢᠯ ᠳᠤ 5000 ᠬᠤᠣᠰ ᠴᠢᠷᠦᠭᠦᠯᠲᠦ ᠴᠣᠪᠤᠭ᠎ᠠ ᠲᠡᠷᠭᠡ ᠣᠭᠰᠠᠷᠠᠬᠤ ᠱᠣᠭᠤᠮ ᠢ ᠪᠠᠶᠢᠭᠤᠯᠤᠨ᠎ᠠ︔ ᠬᠤᠶᠠᠳᠤᠭᠠᠷ ᠬᠤᠭᠤᠴᠠᠭᠠᠨ ᠳᠤ ᠨᠡᠶᠢᠲᠡ 207 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠲᠥᠯᠥᠪᠵᠢᠭᠦᠯᠦᠭᠰᠡᠨ ᠲᠠᠯᠠᠪᠠᠶ ᠨᠢ 5000 ᠮᠥ ᠪᠣᠯᠤᠨ᠎ᠠ᠂ ᠭᠤᠤᠯᠳᠠᠭᠤ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠵᠤ᠂ 2025 ᠣᠨ ᠤ 5 ᠳ᠋ᠤᠭᠠᠷ ᠰᠠᠷ᠎ᠠ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 2026 ᠣᠨ ᠤ 10 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠤᠭᠤᠯᠬᠤ ᠪᠠᠷ ᠵᠢᠱᠢᠵᠦ ᠪᠤᠢ᠃ 59 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ ᠣᠯᠠᠨ ᠬᠡᠯᠪᠡᠷᠢ ᠪᠠᠷ ᠬᠤᠯᠪᠤᠭᠠᠯᠠᠨ ᠳᠡᠭᠡᠭᠡᠪᠦᠷᠢᠯᠡᠬᠦ ᠶᠢᠨ ᠣᠳᠣ ᠦᠶ᠎ᠡ ᠶᠢᠨ ᠵᠠᠰᠠᠮᠠᠯ ᠵᠠᠮ ᠤᠨ ᠭᠠᠷᠠᠮ ᠤᠨ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠂ ᠨᠢᠭᠡᠳᠦᠭᠡᠷ ᠬᠤᠭᠤᠴᠠᠭᠠᠨ ᠳᠤ 6 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ 500 ᠬᠤᠳᠠᠯᠳᠤᠨ ᠠᠪᠴᠤ ᠣᠷᠤᠭᠤᠯᠤᠭᠠᠳ ᠠᠰᠢᠭᠯᠠᠯᠲᠠ ᠳᠤ ᠣᠷᠤᠭᠤᠯᠤᠨ᠎ᠠ︔ 3 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠵᠠᠰᠠᠮᠠᠯ ᠵᠠᠮ ᠤᠨ ᠭᠠᠷᠠᠮ ᠢ 2 ᠪᠠᠶᠢᠭᠤᠯᠤᠨ᠎ᠠ︔ 50 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 1G ᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠦᠷᠲᠡᠭᠡ ᠶᠢ ᠪᠥᠲᠥᠭᠡᠨ ᠪᠠᠶᠢᠭᠤᠯᠵᠤ᠂ ᠭᠠᠷᠭᠠᠭᠰᠠᠨ ᠴᠠᠬᠢᠯᠭᠠᠨ ᠢᠶᠠᠨ ᠵᠠᠰᠠᠮᠠᠯ ᠵᠠᠮ ᠤᠨ ᠭᠠᠷᠠᠮ ᠳᠤ ᠳᠠᠮᠵᠢᠭᠤᠯᠵᠤ᠂ ᠰᠠᠯᠬᠢ ᠭᠡᠷᠡᠯ ᠢᠶᠠᠷ ᠤᠰᠤᠲᠥ᠋ᠷᠥᠭᠴᠢ ᠪᠠ ᠮᠧᠲ᠋ᠢᠯ ᠠᠯᠺᠣᠤᠯ ᠦᠢᠯᠡᠳᠬᠦ ᠳᠤ ᠬᠡᠷᠡᠭᠯᠡᠵᠦ᠂ ᠦᠢᠯᠡᠳᠬᠦ ᠨᠦᠭᠡᠴᠡᠯᠡᠬᠦ ᠡᠳ᠋ᠰᠢᠬᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠣᠶ ᠪᠣᠯᠭᠠᠬᠤ ᠪᠠᠷ ᠲᠦᠯᠦᠪᠯᠡᠵᠦ ᠪᠤᠢ᠃ ︵ᠲᠦᠩᠯᠢᠶᠣᠤ ᠬᠤᠲᠠ ᠶᠢᠨ ᠵᠠᠰᠠᠭ ᠤᠨ ᠣᠷᠳᠣᠨ᠂ ᠬᠤᠤᠯᠢᠩᠭᠤᠣᠯ ᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号