ᠪᠥᠬᠦ ᠬᠤᠰᠢᠭᠤᠨ ᠤ ᠭᠤᠤᠯ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠵᠣᠬᠢᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/29
    10 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠭᠠᠩ ᠪᠥᠬᠦ ᠬᠤᠰᠢᠭᠤᠨ ᠤ ᠭᠤᠤᠯ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠭᠤᠤᠯ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠮᠬᠢ ᠳᠢᠭᠯᠢᠮ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠵᠠᠳᠠᠯᠤᠨ᠂ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ︔ ᠤᠬᠠᠭᠤᠯᠤᠨ ᠳᠠᠶᠢᠴᠢᠯᠠᠬᠤ ᠶᠢ ᠰᠠᠶᠢᠲᠤᠷ ᠠᠳᠬᠤᠵᠤ᠂ ᠣᠯᠠᠨ ᠲᠦᠮᠡᠨ ᠢ ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠤᠨ᠂ ᠤᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ︔ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠦᠢᠯᠡᠳᠦᠯ ᠢ ᠪᠠᠳᠠᠷᠠᠭᠤᠯᠵᠤ᠂ ᠬᠤᠳᠠ ᠶᠢᠨ ᠳᠦᠷᠰᠦ ᠪᠠᠶᠢᠳᠠᠯ ᠡᠮᠬᠢ ᠳᠢᠭᠯᠢᠮ ᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠢ︔ ᠱᠠᠯᠠᠪᠳᠠᠭᠤᠯᠤᠨ ᠪᠠᠶᠢᠴᠠᠭᠠᠬᠤ ᠶᠢ ᠠᠳᠬᠤᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠢᠯᠣᠭᠤᠳᠬᠤ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ︔ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠯᠬᠢᠨ ᠠᠬᠢᠭᠤᠯᠬᠤ᠂ ᠱᠠᠯᠠᠪᠳᠠᠭᠤᠯᠤᠨ ᠵᠢᠯᠣᠭᠤᠳᠬᠤ᠂ ᠤᠬᠠᠭᠤᠯᠬᠤ᠂ ᠱᠠᠩᠨᠠᠵᠤ ᠲᠣᠷᠭᠠᠬᠤ ᠵᠡᠷᠭᠡ ᠲᠠᠯ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号