10 ᠰᠠᠷ᠎ᠠ ᠶᠢᠨ 29 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠤᠨ | ᠵᠢᠶ ᠰᠢᠩ ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠮᠠᠨ ᠤ ᠬᠤᠰᠢᠭᠤᠨ ᠳᠤ | ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠵᠧᠤ ᠯᠢᠶᠠᠩ ᠶᠤᠸᠠᠨ᠂ ᠵᠠᠩ ᠬᠠᠨ ᠰᠥᠩ᠂ ᠵᠣᠣ ᠭᠠᠩ᠂ ᠴᠢᠨ | ᠶᠠᠨ᠂ ᠪᠡᠭᠡᠵᠢᠩ ᠤᠨ ᠵᠢᠶ ᠰᠢᠩ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠰᠢᠤᠢ ᠳ᠋ᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠭᠠᠷ ᠤᠨ ᠦᠰᠦᠭ ᠵᠢᠷᠤᠬᠤ ᠶᠣᠰᠣᠯᠠᠯ ᠢ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠡᠷᠬᠢᠯᠡᠪᠡ᠃ | ᠴᠢᠨ ᠶᠠᠨ ᠢᠯᠡᠷᠬᠡᠶᠢᠯᠡᠭᠰᠡᠨ ᠨᠢ᠂ ᠬᠦᠷᠢᠶ᠎ᠡ ᠬᠤᠰᠢᠭᠤ ᠬᠠᠮᠤᠭ ᠤᠨ ᠦᠨᠡᠨᠴᠢ ᠰᠡᠳᠬᠢᠯ ᠢᠶᠠᠷ ᠬᠠᠮᠤᠭ ᠤᠨ ᠶᠡᠭᠡ | ᠴᠢᠷᠮᠠᠶᠢᠯᠭ᠎ᠠ ᠭᠠᠷᠭᠠᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠡᠷᠡᠭᠦᠯ ᠢᠶᠠᠷ ᠬᠥᠭᠵᠢᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ ᠬᠦᠷᠢᠶ᠎ᠡ ᠬᠤᠰᠢᠭᠤ ᠪᠣᠯᠤᠨ ᠪᠡᠭᠡᠵᠢᠩ ᠤᠨ ᠵᠢᠢ ᠰᠢᠩ | ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ᠃ | ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ | ᠪᠡᠭᠡᠵᠢᠩ ᠤᠨ ᠵᠢᠶ ᠰᠢᠩ ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ | | | | |