ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠨᠠᠰᠤᠲᠠᠶᠢᠴᠤᠳ ᠤᠨ ᠨᠠᠰᠤᠵᠢᠯ ᠤᠨ | ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠭᠡᠷ ᠲᠡᠭᠡᠨ ᠰᠠᠭᠤᠬᠤ ᠪᠠᠷ ᠰᠠᠭᠤᠷᠢ | ᠪᠤᠯᠭᠠᠬᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠤᠯᠭᠠᠬᠰᠠᠨ᠂ ᠪᠠᠶᠢᠭᠤᠯᠤᠮᠵᠢ ᠪᠠᠷ ᠲᠤᠯᠭᠠᠭᠤᠷᠢᠯᠠᠯ ᠪᠤᠯᠭᠠᠬᠰᠠᠨ᠂ | ᠦᠨᠳᠦᠰᠦᠨ ᠦᠢᠯᠡᠴᠢᠯᠡᠭᠡ ᠬᠢᠭᠡᠳ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠢᠯᠡᠴᠢᠯᠡᠭᠡ ᠶᠢ ᠵᠣᠬᠢᠴᠠᠩᠭᠤᠢ ᠪᠠᠷ | ᠬᠥᠭᠵᠢᠭᠦᠯᠦᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠷᠢᠰᠢᠯ ᠢ ᠪᠠᠶᠢᠭᠤᠯᠵᠤ᠂ ᠵᠠᠰᠠᠭ ᠤᠨ | ᠣᠷᠳᠣᠨ ᠠᠴᠠ ᠬᠥᠲᠥᠯᠥᠨ ᠵᠢᠯᠤᠭᠤᠳᠬᠤ᠂ ᠭᠡᠷ ᠪᠦᠯᠢ ᠪᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠬᠦ᠂ ᠵᠠᠬ᠎ᠠ | ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠢᠶᠠᠷ ᠢᠶᠠᠨ ᠣᠷᠤᠯᠴᠠᠬᠤ ︽ᠨᠠᠰᠤᠵᠢᠯ ᠤᠨ ᠠᠰᠠᠷᠠᠮᠵᠢ +︾ ᠶᠢᠨ | ᠵᠠᠭᠪᠤᠷ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠨᠠᠰᠤᠲᠠᠶᠢᠴᠤᠳ ᠲᠤ ᠨᠠᠩ ᠰᠢᠯᠢᠳᠡᠭ ᠳᠣᠲᠣᠨᠣ ᠦᠢᠯᠡᠴᠢᠯᠡᠭᠡ | ᠬᠦᠷᠲᠡᠭᠡᠪᠡ᠃ | ᠰᠢᠶᠠᠨᠵᠢᠨ ᠰᠤᠮᠤᠨ ᠤ ᠬᠦᠷᠢᠶᠡᠲᠦ ᠲᠣᠰᠬᠤᠨ ᠳᠤ ᠰᠠᠭᠤᠭ᠎ᠠ ᠰᠢᠤᠸᠠᠢ ᠸᠧᠨ ᠴᠢᠤᠸᠠᠨ ᠨᠠᠰᠤᠲᠠᠨ ᠡᠳᠦᠷ ᠪᠦᠷᠢ | ᠲᠣᠰᠬᠤᠨ ᠤ ᠪᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠳᠤ ᠬᠦᠷᠴᠦ ︽ᠨᠡᠷ᠎ᠡ | ᠮᠡᠳᠡᠭᠦᠯᠳᠡᠭ︾᠃ ᠲᠡᠷᠡ ᠨᠠᠰᠤᠲᠠᠢ ᠨᠠᠶᠢᠵᠠ ᠨᠠᠷ ᠲᠠᠢ ᠪᠠᠨ ᠵᠣᠭᠤᠭ ᠳᠡᠯᠭᠡᠵᠦ᠂ ᠬᠥᠵᠥᠷ ᠲᠣᠭᠯᠠᠵᠤ᠂ ᠶᠠᠳᠠᠷᠠᠪᠠᠯ | ᠢᠯᠢᠯᠡᠭᠡ ᠶᠢᠨ ᠰᠠᠨᠳᠠᠯᠢ ᠳᠡᠭᠡᠷ᠎ᠡ ᠬᠡᠪᠲᠡᠵᠦ ᠪᠡᠶ᠎ᠡ ᠪᠠᠨ ᠠᠮᠤᠷᠵᠢᠭᠤᠯᠳᠠᠭ᠃ ᠥᠩᠭᠡᠷᠡᠭᠰᠡᠨ ᠳᠤ᠂ ᠲᠣᠰᠬᠤᠨ ᠳᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠭᠡᠵᠦ ᠪᠠᠶᠢᠭᠰᠠᠨ ᠦᠭᠡᠢ᠂ ᠨᠠᠰᠤᠲᠠᠶᠢᠴᠤᠳ | ᠠᠵᠢᠯᠯᠠᠭ᠎ᠠ ᠥᠷᠨᠢᠭᠦᠯᠬᠦ ᠳᠤ ᠲᠠᠯᠠᠪᠤᠷ ᠭᠠᠵᠠᠷ ᠵᠢᠭᠡᠯᠡᠬᠦ ᠴᠢᠬᠤᠯᠠᠲᠠᠢ ᠪᠠᠶᠢᠵᠠᠢ᠃ ᠡᠨᠡ ᠵᠢᠯ᠂ ᠬᠤᠰᠢᠭᠤᠨ ᠤ | ᠠᠷᠠᠳ ᠤᠨ ᠶᠠᠪᠤᠳᠠᠯ ᠤᠨ ᠲᠣᠪᠴᠢᠶ᠎ᠠ 20 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠤᠯᠠ ᠪᠠᠶᠢᠭᠰᠠᠨ | ᠬᠠᠭᠤᠴᠢᠨ ᠲᠣᠰᠬᠤᠨ ᠤ ᠭᠡᠷ ᠢ ᠰᠡᠯᠪᠢᠨ ᠵᠠᠰᠠᠵᠤ᠂ ᠲᠡᠭᠦᠨ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠷᠲᠡᠭᠡ ᠪᠣᠯᠭᠠᠨ ᠥᠭᠡᠷᠡᠴᠢᠯᠡᠨ ᠪᠠᠶᠢᠭᠤᠯᠬᠤ ᠶᠢᠨ ᠬᠠᠮᠲᠤ ᠵᠤᠭ᠎ᠠ ᠴᠡᠩᠭᠡᠯ ᠤᠨ ᠲᠤᠨᠤᠭ ᠲᠥᠬᠦᠭᠡᠷᠦᠮᠵᠢ ᠨᠡᠮᠡᠵᠦ᠂ | ᠨᠠᠰᠤᠲᠠᠶᠢᠴᠤᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠ ᠵᠤᠭ᠎ᠠ ᠴᠡᠩᠭᠡᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠪᠠ᠃ ︽ᠭᠡᠷ ᠠᠴᠠ ᠣᠶᠢᠷᠠᠬᠠᠨ᠂ ᠭᠤᠷᠪᠠ ᠲᠠᠪᠤᠨ ᠵᠠᠭᠤᠨ ᠮᠧᠲᠷ ᠶᠠᠪᠤᠪᠠᠯ ᠬᠦᠷᠴᠢᠬᠡᠨ᠎ᠡ᠂ | ᠣᠯᠠᠨ ᠢᠶᠠᠷ ᠢᠶᠠᠨ ᠤᠴᠢᠷ ᠦᠭᠡᠢ ᠪᠣᠯ ᠡ᠊ᠨᠳᠡ ᠢᠷᠡᠬᠦ ᠳᠤᠷᠠᠲᠠᠢ᠂ ᠠᠶᠢᠯ ᠤᠨ ᠠᠬ᠎ᠠ ᠳᠡᠭᠦᠦ ᠨᠠᠷ ᠨᠢᠭᠡ ᠳᠣᠣᠷ᠎ᠠ | ᠴᠤᠭᠯᠠᠷᠠᠨ ᠨᠠᠷᠭᠢᠯᠳᠤᠨ ᠬᠥᠭᠡᠷᠦᠯᠳᠦᠵᠦ᠂ ᠲᠣᠩ ᠪᠠᠶᠠᠷ ᠭᠦᠷ ᠲᠠᠢ ᠪᠠᠶᠢᠨ᠎ᠠ︾ ᠭᠡᠵᠦ ᠰᠢᠤᠸᠠᠢ ᠸᠧᠨ ᠴᠢᠤᠸᠠᠨ | ᠨᠠᠰᠤᠲᠠᠨ ᠪᠠᠶᠠᠷᠲᠠᠶᠢᠬᠠᠨ ᠶᠠᠷᠢᠨ᠎ᠠ᠃ | ᠬᠦᠷᠢᠶᠡᠲᠦ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠡᠨᠡ ᠵᠢᠯ ᠤᠨ 2 | ᠰᠠᠷ᠎ᠠ ᠳᠤ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠪᠦᠭᠦ ᠲᠣᠰᠬᠤᠨ ᠤ 300 ᠭᠠᠷᠤᠢ ᠨᠠᠰᠤᠲᠠᠶᠢᠴᠤᠳ ᠲᠤ | ᠠᠮᠢᠳᠤᠷᠠᠯ ᠤᠨ ᠬᠠᠷᠠᠭᠠᠯᠵᠠᠯ᠂ ᠤᠶᠤᠨ ᠰᠠᠨᠠᠭᠠᠨ ᠤ ᠲᠠᠶᠢᠳᠬᠤᠷᠠᠭᠤᠯᠤᠯ᠂ ᠵᠤᠭ᠎ᠠ ᠴᠡᠩᠭᠡᠯ ᠵᠡᠷᠭᠡ ᠦᠢᠯᠡᠴᠢᠯᠡᠭᠡ | ᠬᠠᠩᠭᠠᠪᠠ᠃ ᠡᠭᠦᠨ ᠤ ᠬᠠᠮᠲᠤ᠂ ᠪᠠᠶᠠᠷ ᠳᠤᠷᠠᠰᠬᠠᠯ ᠤᠨ ᠡᠳᠦᠷ ᠢᠶᠠᠷ ᠠᠵᠠ ᠲᠣᠭᠢᠶᠠᠯ ᠪᠤᠯᠭᠠᠵᠤ᠂ ᠤᠯᠠᠨ | ᠭᠡᠯᠪᠡᠷᠢ ᠶᠢᠨ ᠰᠣᠶᠣᠯ ᠴᠡᠩᠭᠡᠯ ᠤᠨ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠤᠶᠤᠨ ᠤ ᠠᠮᠢᠳᠤᠷᠠᠯ ᠢ | ᠪᠠᠶᠠᠯᠢᠭᠵᠢᠭᠤᠯᠵᠠᠢ᠃ | ᠲᠣᠰᠬᠤᠨ ᠤ ᠨᠠᠮ ᠤᠨ ᠡᠭᠦᠷ ᠤᠨ ᠱᠦᠵᠢ ᠰᠢᠦᠢ ᠶᠠ ᠯᠢ᠄ ︽ᠳᠠᠷᠠᠭᠠᠴᠢ ᠶᠢᠨ ᠠᠯᠬᠤᠮ ᠳᠤ᠂ ᠪᠢᠳᠡ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢᠨ ᠴᠢᠳᠠᠪᠬᠢ ᠪᠠᠶᠢᠷᠢᠰᠢᠭᠤᠯᠤᠯᠲᠠ ᠶᠢ ᠤᠯᠠᠮ | ᠴᠢᠨᠠᠭᠰᠢᠳᠠ ᠰᠢᠯᠢᠳᠡᠭᠵᠢᠭᠦᠯᠵᠦ᠂ ᠣᠷᠣᠨ ᠵᠠᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠪᠠᠭ᠎ᠠ | ᠵᠢᠭᠰᠠᠭᠠᠯ ᠤᠨ ᠭᠠᠵᠠᠷ ᠤᠨ ᠶᠡᠭᠡ ᠦᠢᠯᠡᠳᠦᠯ ᠢ ᠪᠠᠳᠠᠷᠠᠭᠤᠯᠬᠤ ᠶᠢᠨ ᠬᠠᠮᠲᠤ᠂ ᠤᠯᠠᠨ ᠭᠡᠯᠪᠡᠷᠢ ᠶᠢᠨ ᠨᠠᠰᠤᠲᠠᠨ ᠢᠶᠠᠨ | ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠤᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠢ ᠭᠡᠷ ᠤᠨ ᠡᠭᠦᠳᠡᠨ ᠳᠡᠭᠡᠷ᠎ᠡ ᠨᠢ ᠵᠣᠯ ᠵᠢᠷᠭᠠᠯ ᠲᠠᠢ | ᠨᠠᠰᠤᠵᠢᠯ ᠤᠨ ᠠᠰᠠᠷᠠᠮᠵᠢ ᠬᠦᠷᠲᠡᠭᠡᠨ᠎ᠡ︾ ᠭᠡᠵᠦ ᠶᠠᠷᠢᠵᠤ ᠪᠠᠶᠢᠯ᠎ᠠ᠃ | ᠡᠮᠴᠢᠯᠡᠭᠡᠨ ᠤ ᠦᠢᠯᠡᠴᠢᠯᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠭᠦᠨᠵᠡᠭᠡᠢ | ᠠᠭᠤᠰᠤᠯᠴᠠᠭᠤᠯᠵᠤ᠂ ᠨᠠᠰᠤᠵᠢᠯ ᠤᠨ ᠠᠰᠠᠷᠠᠮᠵᠢ ᠶᠢ ᠨᠠᠩ ᠢᠯᠡᠭᠦᠦ ︽ᠡᠮᠴᠢᠯᠡᠭᠡᠨ︾ ᠤ ᠲᠦᠰᠢᠭ ᠲᠠᠢ ᠪᠣᠯᠭᠠᠪᠠ᠃ | ᠡᠨᠡ ᠬᠤᠶᠠᠷ ᠡᠳᠦᠷ ᠰᠢᠶᠠᠨᠵᠢᠨ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢᠳ | ᠰᠤᠮᠤᠨ ᠤ ᠪᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠲᠣᠭᠲᠠᠮᠠᠯ | ᠬᠤᠭᠤᠴᠠᠭ᠎ᠠ ᠲᠠᠢ ᠪᠠᠷ ᠲᠡᠨᠳᠡᠬᠢ ᠨᠠᠰᠤᠲᠠᠶᠢᠴᠤᠳ ᠲᠤ ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠂ ᠲᠡᠳᠡᠨ ᠳᠤ | ᠡᠮᠴᠢᠯᠡᠭᠡ ᠡᠷᠡᠭᠦᠯᠵᠢᠯ ᠪᠡᠶ᠎ᠡ ᠰᠤᠪᠢᠯᠠᠯᠲᠠ ᠶᠢᠨ ᠦᠢᠯᠡᠴᠢᠯᠡᠭᠡ ᠬᠠᠩᠭᠠᠪᠠ᠃ ︽ᠡᠷᠡᠭᠦᠯ ᠬᠠᠮᠠᠭᠠᠯᠠᠯ ᠤᠨ ᠬᠤᠷᠢᠶᠠᠨ ᠤ | ᠡᠮᠴᠢ ᠰᠤᠪᠢᠯᠠᠭᠴᠢᠳ ᠦᠷᠭᠦᠯᠵᠢ ᠡ᠊ᠨᠳᠡ ᠢᠷᠡᠵᠦ ᠪᠢᠳᠡᠨ ᠳᠤ ᠪᠡᠶ᠎ᠡ ᠶᠢᠨ ᠪᠠᠶᠢᠴᠠᠭᠠᠯᠲᠠ ᠬᠢᠵᠦ ᠦᠭᠳᠡᠭ᠂ | ᠭᠡᠷ ᠲᠡᠭᠡᠨ ᠰᠠᠭᠤᠪᠠᠯ ᠶᠠᠮᠠᠷ ᠡᠶᠢᠮᠦ ᠰᠠᠶᠢᠨ ᠶᠠᠪᠤᠳᠠᠯ ᠪᠠᠶᠢᠬᠤ ᠪᠤᠢ⁈︾ ᠭᠡᠵᠦ ᠰᠢᠶᠠᠨᠵᠢᠨ ᠰᠤᠮᠤ ᠶᠢᠨ ᠪᠠᠷᠠᠭᠤᠨ | ᠭᠠᠴᠠᠭ᠎ᠠ ᠶᠢᠨ ᠠᠷᠠᠳ ᠵᠠᠩ ᠵᠢᠶᠠᠨ ᠬᠤᠸᠠ ᠬᠠᠨᠤᠮᠵᠢᠲᠠᠶᠢᠬᠠᠨ ᠶᠠᠷᠢᠵᠤ ᠪᠠᠶᠢᠯ᠎ᠠ᠃ | ᠰᠢᠶᠠᠨᠵᠢᠨ ᠰᠤᠮᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠨᠠᠰᠤᠲᠠᠨ ᠢᠶᠠᠨ | ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠪᠠᠷ ᠦᠢᠯᠡᠴᠢᠯᠡᠭᠡᠨ ᠤ ᠵᠣᠷᠢᠯᠲᠠ ᠪᠠᠨ ᠪᠤᠯᠭᠠᠵᠤ᠂ 2023 ᠣᠨ ᠤ 8 | ᠰᠠᠷ᠎ᠠ ᠳᠤ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠬᠠᠷᠢᠶ᠎ᠠ ᠣᠷᠣᠨ ᠤ ᠨᠠᠰᠤᠲᠠᠶᠢᠴᠤᠳ ᠲᠤ ᠡᠮᠴᠢᠯᠡᠭᠡ ᠪᠠᠷ | ᠲᠤᠰᠠᠯᠠᠬᠤ᠂ ᠬᠠᠶᠢᠷ᠎ᠠ ᠬᠠᠯᠠᠮᠵᠢ ᠪᠠᠷ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠬᠤᠭᠤᠯᠠ ᠤᠮᠳᠠ | ᠬᠦᠷᠭᠡᠬᠦ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ | ᠨᠠᠰᠤᠲᠠᠶᠢᠴᠤᠳ ᠤᠨ ᠠᠮᠢᠳᠤᠷᠠᠯ ᠪᠠ ᠣᠶᠤᠨ ᠰᠠᠨᠠᠭᠠᠨ ᠤ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠨᠠᠰᠤᠲᠠᠨ ᠢᠶᠠᠨ ᠠᠰᠠᠷᠠᠵᠤ ᠨᠠᠰᠤᠲᠠᠨ ᠢᠶᠠᠨ ᠬᠦᠨᠳᠦᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠵᠤ᠂ | ᠨᠠᠰᠤᠲᠠᠶᠢᠴᠤᠳ ᠲᠤ ᠦᠨᠡᠨ ᠬᠦ ᠪᠠᠶᠠᠷ ᠵᠢᠷᠭᠠᠯ ᠬᠦᠷᠲᠡᠭᠡᠪᠡ᠃ | ᠨᠠᠰᠤᠲᠠᠶᠢᠴᠤᠳ ᠲᠤ ᠴᠠᠭ ᠲᠤᠬᠠᠢ ᠳᠤᠨᠢ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠡᠳ᠋ᠯᠡᠭᠦᠯᠭᠦ ᠶᠢᠨ | ᠲᠥᠯᠥᠭᠡ᠂ ᠲᠤᠰ ᠬᠤᠰᠢᠭᠤ ᠨᠠᠰᠤᠲᠠᠶᠢᠴᠤᠳ ᠲᠤ ᠬᠦᠷᠲᠡᠭᠡᠬᠦ ᠡᠪᠡᠳᠴᠢᠨ ᠦᠵᠡᠭᠦᠯᠭᠦ ᠦᠢᠯᠡᠴᠢᠯᠡᠭᠡᠨ ᠤ | ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠢᠯᠡᠴᠢᠯᠡᠭᠡ ᠶᠢ ᠠᠬᠢᠭᠤᠯᠵᠤ᠂ ᠶᠡᠷᠦᠩᠬᠡᠢ ᠰᠠᠯᠠᠭᠠᠨ ᠤ ᠡᠮᠴᠢ ᠪᠠᠷ ᠭᠤᠣᠯ ᠪᠤᠯᠭᠠᠬᠰᠠᠨ ᠭᠡᠷ ᠪᠦᠯᠢ ᠶᠢᠨ ᠡᠮᠴᠢ ᠶᠢᠨ | ᠪᠦᠯᠭᠦᠮ ᠢ ᠵᠣᠬᠢᠶᠠᠨ ᠪᠠᠶᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠪᠠ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠥᠪᠡᠷᠮᠢᠴᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠰᠥᠯ ᠢ ᠲᠣᠭᠲᠠᠭᠠᠵᠤ᠂ | ︽ᠪᠤᠭᠤᠷᠤᠯᠴᠤᠳ ᠤᠨ ᠪᠠᠶᠠᠰᠤᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠤᠨ᠂ | ᠨᠠᠰᠤᠲᠠᠶᠢᠴᠤᠳ ᠲᠤ ᠴᠢᠰᠤᠨ ᠰᠢᠬᠢᠷ᠂ ᠴᠢᠰᠤᠨ ᠳᠠᠷᠤᠯᠲᠠ᠂ ᠵᠢᠷᠦᠬᠡᠨ ᠴᠣᠬᠢᠯᠭ᠎ᠠ ᠶᠢ ᠬᠢᠨᠠᠨ ᠬᠡᠮᠵᠢᠬᠦ ᠵᠡᠷᠭᠡ | ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠤᠯᠠᠷᠢᠯ ᠤᠨ ᠴᠢᠨᠠᠷᠲᠠᠢ ᠪᠠᠶᠢᠩᠭᠤ ᠲᠣᠬᠢᠶᠠᠯᠳᠤᠳᠠᠭ ᠡᠪᠡᠳᠴᠢᠨ᠂ | ᠤᠳᠠᠭᠠᠨ ᠴᠢᠨᠠᠷᠲᠠᠢ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ | ᠲᠦᠭᠡᠮᠡᠯᠵᠢᠭᠦᠯᠪᠡ᠃ ᠣᠳᠣᠬᠠᠨ ᠪᠤᠯᠲᠠᠯ᠎ᠠ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠨᠢᠭᠡᠨᠲᠡ 16 | ᠲᠠᠯᠠᠪᠤᠷ ᠤᠳᠠᠭ᠎ᠠ ᠥᠷᠨᠢᠭᠦᠯᠵᠦ᠂ ᠨᠠᠰᠤᠲᠠᠶᠢᠴᠤᠳ ᠲᠤ 1200 ᠭᠠᠷᠤᠢ ᠬᠥᠮᠥᠨ ᠤᠳᠠᠭ᠎ᠠ ᠦᠢᠯᠡᠴᠢᠯᠡᠨ᠂ | ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ 21686 ᠨᠠᠰᠤᠲᠠᠶᠢᠴᠤᠳ ᠲᠤ ᠡᠷᠡᠭᠦᠯ ᠮᠡᠨᠳᠦ ᠶᠢᠨ | ᠲᠠᠩᠰᠠ ᠡᠪᠬᠡᠮᠡᠯ ᠪᠠᠶᠢᠭᠤᠯᠤᠨ ᠥᠭᠴᠦ᠂ ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ 98.66% ᠳᠤ ᠬᠦᠷᠴᠦ᠂ ᠬᠡᠯᠡᠯᠴᠡᠭᠡᠷ | ᠲᠣᠭᠲᠠᠭᠰᠠᠨ ᠨᠣᠷᠮ᠎ᠠ 95.96% ᠳᠤ ᠬᠦᠷᠴᠡᠢ᠃ | ᠲᠤᠰ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠶ᠎ᠠ ᠣᠷᠣᠨ ᠤ ᠪᠠᠨ ᠨᠠᠰᠤᠲᠠᠶᠢᠴᠤᠳ ᠤᠨ | ᠬᠡᠷᠡᠭᠴᠡᠭᠡ ᠪᠠᠷ ᠡᠭᠢᠯᠡᠯᠲᠡ ᠶᠢᠨ ᠴᠡᠭ ᠪᠤᠯᠭᠠᠵᠤ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠴᠢᠷᠮᠠᠶᠢᠨ | ᠣᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ︽ | ᠨᠠᠰᠤᠵᠢᠯ ᠤᠨ ᠠᠰᠠᠷᠠᠮᠵᠢ + ᠨᠡᠶᠢᠭᠡᠮ ᠲᠣᠭᠤᠷᠢᠭ︾ ︽ᠨᠠᠰᠤᠵᠢᠯ ᠤᠨ ᠠᠰᠠᠷᠠᠮᠵᠢ + ᠡᠮ ᠡᠮᠨᠡᠯᠭᠡ︾ ︽ | ᠨᠠᠰᠤᠵᠢᠯ ᠤᠨ ᠠᠰᠠᠷᠠᠮᠵᠢ + ᠭᠡᠷ ᠤᠨ ᠶᠠᠪᠤᠳᠠᠯ︾ ᠵᠡᠷᠭᠡ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ | ᠨᠠᠰᠤᠵᠢᠯ ᠤᠨ ᠦᠢᠯᠡᠴᠢᠯᠡᠭᠡᠨ ᠤ ᠭᠤᠣᠯ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠠᠰᠤᠵᠢᠯ ᠤᠨ ᠠᠰᠠᠷᠠᠮᠵᠢ ᠪᠠ ᠬᠤᠭᠤᠯᠠ ᠤᠮᠳᠠ ᠶᠢᠨ ᠬᠠᠩᠭᠠᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ | ᠬᠠᠷᠢᠶ᠎ᠠ ᠣᠷᠣᠨ ᠤ ᠨᠠᠰᠤᠲᠠᠶᠢᠴᠤᠳ ᠲᠤ ᠨᠠᠩ ᠪᠦᠭᠦ ᠲᠠᠯ᠎ᠠ ᠶᠢᠨ᠂ ᠨᠠᠩ ᠲᠤᠰᠬᠠᠢ ᠮᠡᠷᠭᠡᠵᠢᠯ ᠤᠨ᠂ ᠨᠠᠩ ᠪᠦᠷᠢᠨ | ᠭᠦᠢᠴᠡᠳ ᠨᠠᠰᠤᠵᠢᠯ ᠤᠨ ᠦᠢᠯᠡᠴᠢᠯᠡᠭᠡ ᠶᠢ ᠡᠳ᠋ᠯᠡᠭᠦᠯᠵᠦ᠂ ᠨᠠᠰᠤᠲᠠᠶᠢᠴᠤᠳ ᠢ ᠭᠡᠷ ᠤᠨ ᠡᠭᠦᠳᠡᠨ ᠳᠤᠨᠢ ᠥᠲᠡᠯᠪᠡᠯ | ᠲᠦᠰᠢᠭ ᠲᠤᠯᠭᠠᠭᠤᠷᠢ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠪᠠᠶᠠᠰᠤᠯ ᠲᠠᠢ ᠪᠠᠶᠢᠬᠤ ᠶᠢ | ᠪᠡᠶᠡᠯᠡᠭᠦᠯᠪᠡ᠃ ᠣᠳᠣᠬᠠᠨ ᠪᠤᠯᠲᠠᠯ᠎ᠠ᠂ ᠪᠦᠭᠦ ᠬᠤᠰᠢᠭᠤᠨ ᠳᠤ ᠨᠡᠶᠢᠲᠡ 475 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 6᠂ ᠬᠤᠲᠠ | ᠬᠥᠳᠡᠭᠡ ᠶᠢᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ | ᠥᠷᠲᠡᠭᠡ︶ ᠢ 9᠂ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 75 | ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ | ᠵᠢᠷᠭᠠᠯ ᠤᠨ ᠬᠦᠷᠢᠶᠡᠯᠡᠩ ᠢ 10 ᠲᠡᠰ ᠳᠡᠪᠰᠢᠭᠦᠯᠦᠨ ᠥᠭᠡᠷᠡᠴᠢᠯᠡᠵᠦ᠂ ᠬᠠᠷᠢᠶ᠎ᠠ ᠣᠷᠣᠨ ᠤ 2 ᠲᠦᠮᠡ ᠭᠠᠷᠤᠢ | ᠨᠠᠰᠤᠲᠠᠶᠢᠴᠤᠳ ᠲᠤ ᠠᠰᠢᠭ ᠬᠦᠷᠲᠡᠭᠡᠪᠡ᠃ | ︵ᠮᠧᠶ ᠶᠢᠩ ᠪᠦᠷᠢᠨ ᠱᠠᠨ ᠱᠠᠨ︶ |