ᠬᠦᠷᠢᠶ᠎ᠡ ᠪᠠᠯᠭᠠᠰᠤ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠴᠢᠩᠭ᠎ᠠ ᠠᠳᠬᠤᠵᠤ ᠠᠷᠠᠳ ᠤᠨ ᠠᠮᠢᠳᠤᠷᠠᠯ ᠤᠨ ︽ᠪᠠᠲᠤᠯᠠᠭ᠎ᠠ ᠶᠢᠨ ᠱᠤᠭᠤᠮ︾ ᠢ ᠰᠠᠶᠢᠲᠤᠷ ᠰᠠᠬᠢᠪᠠ
ᠨᠡᠶᠢᠲᠡᠯᠡᠭᠰᠡᠨ ᠴᠠᠭ᠄
2024/10/8
    10 ᠰᠠᠷ᠎ᠠ ᠶᠢᠨ 7 ᠤ ᠡᠳᠦᠷ᠂ ᠬᠦᠷᠢᠶ᠎ᠡ ᠪᠠᠯᠭᠠᠰᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠰᠢᠨ᠎ᠡ ᠪᠠᠷ ᠭᠤᠶᠤᠴᠢᠯᠠᠭᠰᠠᠨ ᠭᠡᠷ ᠪᠦᠯᠢ ᠶᠢᠨ ᠬᠢᠨ ᠳᠤ ᠬᠦᠷᠴᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ᠂ ᠭᠠᠷᠭᠠᠬᠤ ᠶᠣᠰᠣᠲᠠᠢ ᠶᠢ ᠨᠢ ᠳᠠᠷᠤᠢ ᠭᠠᠷᠭᠠᠬᠤ᠂ ᠲᠦᠷᠦᠯ ᠬᠤᠪᠢᠶᠠᠨ ᠪᠠᠲᠤᠯᠠᠭ᠎ᠠ ᠣᠯᠭᠤᠬᠤ ᠵᠠᠷᠴᠢᠮ ᠶᠣᠰᠣᠭᠠᠷ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠥᠳᠡᠯᠦᠩᠭᠦᠢ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠷᠦᠬᠡ ᠳᠠᠷᠠᠭᠠᠯᠠᠨ ᠬᠢᠨᠠᠨ ᠪᠠᠶᠢᠴᠠᠭᠠᠵᠤ᠂ ᠭᠡᠷ ᠪᠦᠯᠢ ᠶᠢᠨ ᠣᠷᠣᠯᠭ᠎ᠠ᠂ ᠣᠷᠣᠨ ᠰᠠᠭᠤᠴᠠ ᠶᠢᠨ ᠨᠥᠬᠦᠴᠡᠯ᠂ ᠡᠷᠡᠭᠦᠯ ᠮᠡᠨᠳᠦ ᠶᠢᠨ ᠪᠠᠶᠢᠳᠠᠯ᠂ ᠡᠳ᠋ ᠬᠥᠷᠥᠩᠭᠡ  ᠶᠢᠨ ᠪᠠᠶᠢᠳᠠᠯ᠂ ᠵᠠᠶᠢᠯᠠᠰᠢ  ᠦᠭᠡᠢ ᠵᠠᠷᠤᠯᠭ᠎ᠠ  ᠵᠡᠷᠭᠡ ᠪᠠᠶᠢᠳᠠᠯ ᠢ  ᠮᠠᠭᠠᠳᠯᠠᠨ  ᠲᠣᠭᠲᠠᠭᠠᠵᠤ᠂ ᠲᠦᠷᠦ ᠶᠢᠨ ᠪᠤᠳᠤᠯᠭ᠎ᠠ ᠳᠤ ᠨᠡᠶᠢᠴᠡᠬᠦ ᠭᠡᠷ ᠪᠦᠯᠢ ᠳᠤ ᠦᠨᠳᠦᠰᠦᠨ ᠵᠦᠢᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠬᠦᠷᠲᠡᠭᠡᠬᠦ ᠶᠢ ᠪᠠᠲᠤᠯᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号