ᠵᠢᠶᠠᠩ ᠾᠦᠢ ᠹᠧᠩ ᠬᠦᠷᠢᠶ᠎ᠡ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/9
    10 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠡᠷ᠎ᠡ ᠳᠤᠷᠠᠳᠤᠭᠰᠠᠨ ᠲᠥᠯᠦᠭᠡᠯᠡᠭᠴᠢᠳ ᠤᠨ ᠠᠵᠢᠯᠯᠠᠬᠤ ᠬᠤᠷᠢᠶᠠᠨ ᠤ ᠡᠷᠬᠢᠯᠡᠭᠴᠢ ᠵᠢᠶᠠᠩ ᠾᠦᠢ ᠹᠧᠩ ᠨᠠᠷ ᠬᠦᠷᠢᠶ᠎ᠡ ᠪᠠᠯᠭᠠᠰᠤᠨ ᠳᠤ ᠬᠦᠷᠴᠦ ᠲᠥᠯᠥᠭᠡᠯᠡᠭᠴᠢᠳ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠬᠦᠷᠢᠶ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠪᠠᠶᠢᠩᠭᠤᠵᠢᠭᠤᠯᠬᠤ ᠪᠠᠶᠢᠭᠤᠯᠤᠯᠲᠠ ᠶᠢᠨ ᠠᠵᠢᠯ ᠤᠨ ᠲᠤᠬᠠᠶ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号