10 ᠰᠠᠷ᠎ᠠ ᠶᠢᠨ 8 ᠤ ᠡᠳᠦᠷ᠂ 2024 ᠣᠨ ᠤ ᠪᠥᠬᠦ ᠣᠷᠣᠨ ᠤ ᠠᠵᠢᠯᠴᠢᠨ ᠤ ᠡᠪᠯᠡᠯ ᠤᠨ | ᠤᠳᠤᠷᠢᠳᠤᠯᠭ᠎ᠠ᠂ ᠠᠯᠪᠠᠨ ᠪᠠᠶᠢᠭᠤᠯᠭ᠎ᠠ ᠶᠢᠨ ᠺᠠᠳ᠋ᠷ ᠦᠨᠳᠦᠰᠦᠨ ᠱᠠᠲᠤᠨ ᠳᠤ ᠬᠦᠷᠴᠦ ᠴᠡᠭ ᠲᠤ ᠰᠠᠭᠤᠬᠤ ᠠᠵᠢᠯ ᠢ | ᠵᠣᠯᠭᠠᠭᠤᠯᠬᠤ ᠬᠤᠷᠠᠯ ᠮᠠᠨ ᠤ ᠬᠤᠰᠢᠭᠤᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠶᠡᠷᠦᠩᠬᠡᠶ ᠡᠪᠯᠡᠯ ᠤᠨ ᠬᠠᠤᠯᠢ ᠴᠠᠭᠠᠵᠠ ᠶᠢᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠴᠧᠩ ᠸᠧᠶ᠂ ᠲᠦᠩᠯᠢᠶᠣᠤ | ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠡᠷᠢᠭᠦᠯᠡᠭᠴᠢ ᠵᠣᠣ ᠬᠦᠶ ᠴᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠠᠩ ᠵᠠᠨ ᠬᠠᠶ | ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠮᠠᠨ ᠤ ᠬᠤᠰᠢᠭᠤᠨ ᠤ ᠠᠵᠢᠯᠴᠢᠨ ᠤ | ᠡᠪᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ︔ ᠬᠤᠰᠢᠭᠤᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠦᠷᠢᠶᠡᠯᠡᠩ ᠲᠣᠭᠤᠷᠢᠭ ᠤᠨ | ᠦᠨᠳᠦᠰᠦᠨ ᠪᠠᠶᠢᠳᠠᠯ ᠢ ᠬᠠᠷᠢᠭᠤ ᠮᠡᠳᠡᠭᠦᠯᠪᠡ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠧᠩ | ᠸᠧᠶ ᠢᠯᠡᠷᠬᠡᠶᠢᠯᠡᠬᠦ ᠳᠡᠭᠡᠨ᠂ ᠴᠡᠭ ᠲᠤ ᠰᠠᠭᠤᠬᠤ ᠠᠵᠢᠯᠯᠠᠬᠤ ᠳᠤᠭᠤᠶᠢᠯᠠᠩ ᠨᠢ ᠠᠵᠢᠯᠲᠠᠨ ᠠᠵᠢᠯᠴᠢᠨ ᠤ ᠦᠵᠡᠯ | ᠰᠠᠨᠠᠭ᠎ᠠ ᠶᠢ ᠬᠥᠲᠥᠯᠥᠨ ᠳᠠᠭᠠᠭᠤᠯᠬᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠡᠶ | ᠪᠦᠷᠬᠦᠴᠡ ᠶᠢ ᠥᠷᠭᠡᠳᠬᠡᠬᠦ᠂ ᠠᠵᠢᠯᠴᠢᠨ ᠤ ᠡᠪᠯᠡᠯ ᠤᠨ ᠴᠠᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ | ᠪᠣᠯᠪᠠᠰᠤᠷᠠᠭᠤᠯᠬᠤ ᠵᠡᠷᠭᠡ ᠲᠠᠯ᠎ᠠ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ ᠬᠦᠷᠢᠶ᠎ᠡ ᠬᠤᠰᠢᠭᠤᠨ ᠳᠤ | 3 ᠰᠠᠷ᠎ᠠ ᠶᠢᠨ ᠬᠤᠭᠤᠴᠠᠭ᠎ᠠ ᠲᠠᠢ ᠠᠵᠢᠯ ᠥᠷᠨᠢᠭᠦᠯᠦᠨ᠎ᠡ᠂ ᠣᠯᠠᠨ ᠢᠶᠠᠷ ᠢᠶᠠᠨ ᠴᠢᠩᠭ᠎ᠠ ᠬᠢᠨᠠᠯᠲᠠ ᠲᠠᠯᠪᠢᠵᠤ᠂ ᠡᠯ᠎ᠡ | ᠵᠦᠢᠯ ᠤᠨ ᠠᠵᠢᠯ ᠢᠶᠠᠨ ᠬᠠᠮᠲᠤ ᠪᠠᠷ ᠰᠠᠶᠢᠲᠤᠷ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠵᠠᠯᠭᠠᠭᠠᠳ᠂ ᠴᠡᠭ ᠲᠤ | ᠰᠠᠭᠤᠬᠤ ᠠᠵᠢᠯᠯᠠᠬᠤ ᠳᠤᠭᠤᠶᠢᠯᠠᠩ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ᠂ ᠠᠩᠬᠠᠨ ᠤ | ᠮᠠᠲ᠋ᠧᠷᠢᠶᠠᠯ ᠢ ᠡᠵᠡᠮᠰᠢᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠤᠨ ᠪᠠᠶᠢᠳᠠᠯ ᠢ ᠨᠠᠩ ᠪᠥᠬᠦ | ᠲᠠᠯ᠎ᠠ ᠪᠠᠷ ᠣᠶᠢᠯᠠᠭᠠᠵᠤ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠤᠨ ᠬᠦᠴᠢᠷ ᠠᠰᠠᠭᠤᠳᠠᠯ ᠢ | ᠰᠢᠢᠳᠪᠦᠷᠢᠯᠡᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠭᠡᠵᠡᠢ᠃ | ᠶᠠᠩ ᠵᠠᠨ ᠬᠠᠢ ᠴᠡᠭ ᠲᠤ ᠰᠠᠭᠤᠬᠤ ᠠᠵᠢᠯᠯᠠᠬᠤ ᠳᠤᠭᠤᠶᠢᠯᠠᠩ ᠤᠨ ᠬᠦᠷᠴᠦ ᠢᠷᠡᠭᠰᠡᠨ ᠢ ᠬᠠᠯᠠᠭᠤᠨ ᠢᠶᠠᠷ | ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠢᠨ ᠴᠡᠭ ᠲᠤ | ᠰᠠᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠦᠴᠦᠨ ᠢᠶᠠᠷ ᠢᠶᠠᠨ ᠮᠥᠷᠳᠡᠨ ᠬᠠᠮᠵᠢᠯᠴᠠᠵᠤ᠂ | ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠳᠠᠭᠠᠵᠤ᠂ ᠪᠠᠲᠤᠯᠠᠭ᠎ᠠ ᠶᠢᠨ ᠲᠠᠯ᠎ᠠ ᠪᠠᠷ ᠬᠦᠴᠦᠲᠡᠶ | ᠪᠦᠲᠦᠮᠵᠢᠲᠡᠶ ᠪᠠᠶᠢᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ ᠵᠣᠬᠢᠴᠠᠭᠤᠯᠵᠤ᠂ ᠴᠡᠭ ᠲᠤ ᠰᠠᠭᠤᠬᠤ | ᠠᠵᠢᠯ ᠤᠨ ᠰᠠᠶᠢᠨ ᠰᠠᠶᠢᠬᠠᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠠᠵᠢᠯᠲᠠᠨ ᠠᠵᠢᠯᠴᠢᠨ | ᠲᠦᠮᠡᠨ ᠳᠤ ᠬᠠᠮᠲᠤ ᠪᠠᠷ ᠰᠠᠶᠢᠲᠤᠷ ᠦᠢᠯᠡᠴᠢᠯᠡᠨ᠎ᠡ ᠭᠡᠪᠡ᠃ | | | |