ᠲᠦᠩᠯᠢᠶᠣᠤ ᠬᠤᠲᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ + N︾ ᠬᠡᠪ ᠵᠠᠭᠪᠤᠷ ᠲᠤ ᠰᠢᠨ᠎ᠡ ᠶᠢ | ᠡᠭᠦᠳᠴᠦ᠂ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ | ᠲᠤᠭᠤᠷᠢᠭ ᠢ ᠪᠠᠶᠢᠭᠤᠯᠵᠤ ᠪᠠᠶᠢᠨ᠎ᠠ᠃ ᠨᠢᠭᠡ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠣᠶᠣᠨᠲᠤ ᠥᠨᠳᠥᠷ | ᠪᠦᠲᠦᠮᠵᠢᠲᠡᠶ ᠪᠠᠷ ᠤᠰᠤ ᠠᠷᠪᠢᠯᠠᠬᠤ ᠲᠠᠯ᠎ᠠ ᠪᠠᠷ ᠨᠡᠶᠢᠲᠡ 1200 ᠭᠠᠷᠤᠶ ᠲᠦᠮᠡᠨ ᠮᠥ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠥᠲᠥᠭᠡᠨ ᠪᠠᠶᠢᠭᠤᠯᠪᠠ᠂ ᠡᠭᠦᠨ ᠳᠤ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 661 ᠲᠦᠮᠡᠨ ᠮᠥ ᠪᠠᠶᠢᠭᠤᠯᠵᠤ᠂ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 400 ᠲᠦᠮᠡᠨ ᠮᠥ ᠪᠡᠶᠡᠯᠡᠭᠦᠯᠬᠦ ᠪᠠᠷ ᠪᠠᠶᠢᠨ᠎ᠠ᠃ ︽ | ᠴᠠᠬᠢᠯᠭᠠᠨ ᠢᠶᠠᠷ ᠤᠰᠤ ᠲᠠᠲᠠᠬᠤ︾ ᠨᠡᠶᠢᠲᠡᠯᠢᠭ ᠬᠤᠳᠳᠤᠭ ᠢ 1284 ᠥᠷᠦᠮᠳᠡᠵᠦ᠂ ᠮᠦ ᠪᠦᠷᠢ ᠳᠤᠮᠳᠠᠴᠢ ᠪᠠᠷ | 100 ᠺᠦᠸᠠᠳ᠋ ᠮᠧᠳ᠋ᠷ ᠤᠰᠤ ᠠᠷᠪᠢᠯᠠᠬᠤ ᠶᠢ ᠪᠡᠶᠡᠯᠡᠭᠦᠯᠦᠨ᠎ᠡ᠃ ᠬᠤᠶᠠᠷ ᠲᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ + ᠨᠡᠶᠢᠭᠡᠮᠴᠢᠯᠡᠭᠰᠡᠨ ᠦᠢᠯᠡᠴᠢᠯᠡᠭᠡ ᠶᠢᠨ ᠲᠠᠯ᠎ᠠ ᠪᠠᠷ ᠣᠳᠣᠬᠠᠨ ᠪᠣᠯᠲᠠᠯ᠎ᠠ ᠨᠢᠭᠡᠨᠲᠡ ᠨᠡᠶᠢᠭᠡᠮᠴᠢᠯᠡᠭᠰᠡᠨ | ᠦᠢᠯᠡᠴᠢᠯᠡᠭᠡᠨ ᠤ ᠲᠠᠯᠠᠪᠠᠢ ᠶᠢ 858 ᠲᠦᠮᠡᠨ ᠮᠦ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 4500 | ᠨᠠᠶᠢᠳᠠᠪᠤᠷᠢᠵᠢᠭᠤᠯᠵᠤ᠂ ᠬᠤᠶᠠᠷ ᠵᠦᠢᠯ ᠤᠨ ᠭᠦᠢᠴᠡᠳᠭᠡᠯ ᠲᠤᠭ᠎ᠠ ᠨᠢ ᠪᠦᠬᠦ ᠣᠷᠣᠨ ᠳᠤ ᠲᠡᠷᠢᠭᠦᠯᠡᠪᠡ᠃ | ᠤᠨᠠᠯᠲᠠ ᠪᠠᠨ 1900 ᠵᠢᠩ ᠪᠠᠶᠢᠯᠭᠠᠬᠤ ᠰᠠᠭᠤᠷᠢ ᠶᠢ ᠪᠠᠲᠤᠯᠠᠵᠤ᠂ ᠠᠮᠤ ᠪᠤᠳᠠᠭ᠎ᠠ ᠶᠢ ᠬᠤᠷᠢᠶᠠᠭᠰᠠᠨ ᠤ ᠳᠠᠷᠠᠭ᠎ᠠ | ︽ᠠᠮᠤ ᠪᠤᠳᠠᠭᠠᠨ ᠤ ᠪᠠᠩᠬᠢ︾ ᠳᠤ ᠬᠠᠳᠠᠭᠠᠯᠠᠵᠤ᠂ ᠮᠦ ᠪᠦᠷᠢ ᠳᠤ ᠴᠥᠮ ᠦᠢᠯᠡᠳᠪᠦᠷᠢᠯᠡᠯ ᠤᠨ ᠬᠡᠷᠡᠭᠰᠡᠯ ᠤᠨ | ᠥᠪᠡᠷ ᠤᠨ ᠦᠷᠳᠡᠭ ᠢ 100 ᠲᠥᠭᠦᠷᠢᠭ ᠠᠷᠪᠢᠯᠠᠵᠤ᠂ 300 ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠢᠨ 15 ᠲᠦᠮᠡᠨ ᠲᠥᠭᠦᠷᠢᠭ ᠤᠨ | ᠠᠰᠢᠭ ᠣᠷᠣᠯᠭ᠎ᠠ ᠶᠢ ᠪᠡᠶᠡᠯᠡᠭᠦᠯᠦᠨ᠎ᠡ᠃ ᠭᠤᠷᠪᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠡᠷᠳᠡᠨᠢ | ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠠᠯ᠎ᠠ ᠪᠠᠷ ︽1 + 8 + N︾ ᠬᠡᠪ ᠵᠠᠭᠪᠤᠷ ᠢ | ᠬᠡᠷᠡᠭᠯᠡᠨ᠂ ᠪᠥᠬᠦ ᠬᠤᠲᠠ ᠳᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠠᠮᠤ ᠪᠤᠳᠠᠭᠠᠨ ᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ 20 ᠪᠠᠶᠢᠭᠤᠯᠵᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠨᠢ | ᠳᠡᠭᠡᠭᠰᠢᠯᠡᠭᠦᠯᠬᠦ ᠵᠠᠭᠤᠨ ᠮᠥ ᠶᠢᠨ ᠲᠠᠷᠢᠶᠠᠨ ᠭᠠᠵᠠᠷ ᠢ 100᠂ ᠮᠢᠩᠭᠠᠨ ᠮᠥ ᠶᠢᠨ ᠺᠦᠸᠠᠳ᠋ ᠢ 80᠂ ᠲᠦᠮᠡᠨ | ᠮᠥ ᠶᠢᠨ ᠬᠡᠰᠡᠭ ᠢ 12 ᠪᠠᠶᠢᠭᠤᠯᠵᠤ᠂ ᠥᠨᠳᠥᠷ ᠤᠨᠠᠯᠲᠠ ᠲᠠᠢ ᠪᠠᠯᠭᠠᠰᠤ ᠶᠢ 20᠂ ᠥᠨᠳᠥᠷ ᠤᠨᠠᠯᠲᠠ ᠲᠠᠢ | ᠲᠣᠰᠬᠤᠨ ᠢ 295 ᠡᠭᠦᠳᠦᠨ ᠪᠠᠶᠢᠭᠤᠯᠵᠤ᠂ ᠵᠠᠭᠤᠨ ᠮᠥ ᠶᠢᠨ ᠲᠠᠷᠢᠶᠠᠨ ᠭᠠᠵᠠᠷ ᠲᠠᠢ ᠭᠤᠤᠯᠳᠠᠯᠭ᠎ᠠ ᠪᠣᠯᠬᠤ | ᠲᠣᠰᠬᠤᠨ ᠢ ᠨᠡᠶᠢᠳᠡᠮ ᠪᠦᠷᠬᠦᠭᠦᠯᠦᠨ᠂ ᠮᠢᠩᠭᠠᠨ ᠮᠥ ᠶᠢᠨ ᠺᠦᠸᠠᠳ᠋ ᠲᠠᠢ ᠭᠤᠤᠯ ᠭᠠᠷᠤᠯᠲᠠ ᠶᠢᠨ ᠰᠢᠶᠠᠩ | ᠪᠠᠯᠭᠠᠰᠤ ᠶᠢ ᠨᠡᠶᠢᠳᠡᠮ ᠪᠦᠷᠬᠦᠭᠦᠯᠵᠦ᠂ ᠵᠢᠱᠢᠶ᠎ᠡ ᠦᠵᠡᠭᠦᠯᠬᠦ ᠲᠤᠭᠤᠷᠢᠭ ᠤᠨ ᠮᠥ ᠪᠦᠷᠢ ᠶᠢᠨ ᠴᠢᠬᠢ ᠶᠢ 1000 | — 2000 ᠨᠡᠮᠡᠭᠳᠡᠭᠦᠯᠵᠦ᠂ ᠮᠥ ᠪᠦᠷᠢ ᠶᠢᠨ ᠤᠨᠠᠯᠲᠠ ᠶᠢ 100 ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠦᠨ᠎ᠡ᠃ | ᠣᠶᠣᠨᠲᠤ ᠲᠠᠷᠢᠶᠠᠯᠠᠩ ᠤᠨ ᠲᠠᠯᠠᠪᠠᠢ ᠶᠢ ᠪᠠᠶᠢᠭᠤᠯᠵᠤ᠂ 2000 ᠮᠦ ᠡᠷᠳᠡᠨᠢ ᠰᠢᠰᠢ ᠶᠢᠨ ᠲᠣᠭᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠲᠠᠯᠠᠪᠠᠢ ᠨᠢᠭᠡᠴᠢ ᠶᠢᠨ ᠤᠨᠠᠯᠲᠠ ᠶᠢ ᠨᠢ ᠳᠡᠭᠡᠭᠰᠢᠯᠡᠭᠦᠯᠬᠦ ᠵᠢᠱᠢᠶ᠎ᠡ | ᠦᠵᠡᠭᠦᠯᠬᠦ ᠲᠤᠭᠤᠷᠢᠭ ᠢ 1 ᠲᠦᠮᠡᠨ ᠮᠦ ᠥᠷᠭᠡᠳᠬᠡᠨ ᠪᠠᠶᠢᠭᠤᠯᠵᠤ᠂ ︽ᠨᠡᠶᠢᠭᠡᠮ ᠤᠨ ᠦᠢᠯᠡᠴᠢᠯᠡᠭᠡᠨ ᠤ | ᠲᠣᠭᠤᠷᠢᠭ︾ ᠢ 10 ᠲᠦᠮᠡᠨ ᠮᠦ ᠪᠦᠷᠢᠯᠳᠦᠭᠦᠯᠵᠦ᠂ ᠡᠨᠡ ᠵᠢᠯ ᠤᠨ ᠶᠡᠷᠦᠩᠬᠡᠢ ᠦᠢᠯᠡᠳᠬᠦᠨ ᠤ ᠦᠷᠳᠡᠭ ᠢᠶᠠᠨ | 2000 ᠲᠦᠮᠡᠨ ᠲᠥᠭᠦᠷᠢᠭ ᠲᠤ ᠬᠦᠷᠭᠡᠬᠦ ᠪᠠᠷ ᠵᠢᠱᠢᠵᠦ ᠪᠠᠶᠢᠨ᠎ᠠ᠃ ︵ᠲᠦᠩᠯᠢᠶᠣᠣ ᠬᠤᠲᠠ ᠶᠢᠨ ᠵᠠᠰᠠᠭ ᠤᠨ | ᠣᠷᠳᠣᠨ︶ |