ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠠᠵᠤ ᠦᠢᠯᠡᠰ ᠤᠨ ᠬᠥᠭᠵᠢᠯᠲᠡ ᠶᠢᠨ | ᠳᠠᠪᠠᠭᠤᠯᠢᠭ ᠲᠠᠭᠠᠨ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠠᠷᠢᠮᠠᠯ ᠤᠨ ᠠᠯᠠᠭᠯᠠᠨ | ᠲᠠᠷᠢᠬᠤ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠭᠠᠵᠠᠷ ᠰᠢᠷᠣᠢ ᠶᠢᠨ ᠳᠠᠯᠳᠠ ᠬᠦᠴᠦᠨ ᠢ ᠬᠠᠮᠤᠭ ᠤᠨ ᠶᠡᠭᠡ | ᠬᠡᠮᠵᠢᠶ᠎ᠡ ᠪᠠᠷ ᠠᠭᠤᠳᠠᠯᠵᠤ᠂ ᠭᠠᠵᠠᠷ ᠰᠢᠷᠣᠢ ᠶᠢᠨ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠮᠠᠯ ᠤᠨ | ᠡᠷᠦᠭᠡ ᠶᠢᠨ ᠤᠨᠠᠯᠳᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ︽ᠴᠢᠩᠭ᠎ᠠ ᠬᠥᠳᠡᠯᠭᠡᠭᠦᠷ︾ ᠢ ᠡᠭᠦᠳᠪᠡ᠃ | ᠡᠨᠡ ᠵᠢᠯ᠂ ᠬᠦᠷᠢᠶ᠎ᠡ ᠪᠠᠯᠭᠠᠰᠤᠨ ᠤ ᠸᠠ ᠹᠠᠩ ᠮᠠᠯᠵᠢᠯ ᠤᠨ ᠲᠠᠯᠠᠪᠠᠢ ᠶᠢᠨ ᠲᠦᠮᠡᠨ ᠮᠦ ᠰᠢᠷ᠎ᠠ ᠪᠤᠷᠴᠠᠭ ᠡᠷᠳᠡᠨᠢ | ᠰᠢᠰᠢ ᠶᠢᠨ ᠪᠦᠰᠡᠯᠢᠭ ᠭᠡᠯᠪᠡᠷᠢ ᠶᠢᠨ ᠨᠡᠶᠢᠯᠡᠮᠡᠯ ᠲᠠᠷᠢᠮᠠᠯ ᠡᠯᠪᠡᠭ ᠬᠤᠷᠢᠶᠠᠯᠲᠠ ᠣᠯᠪᠠ᠃ ᠲᠣᠰᠬᠤᠨ ᠤ ᠠᠷᠠᠳ ᠯᠦ | ᠫᠢᠩ ᠨᠢᠭᠡᠨᠲᠡ ᠭᠤᠷᠪᠠᠨ ᠵᠢᠯ ᠳᠠᠷᠠᠭᠠᠯᠠᠨ ᠪᠦᠰᠡᠯᠢᠭ ᠨᠡᠶᠢᠯᠡᠮᠡᠯ ᠲᠠᠷᠢᠮᠠᠯ ᠤᠨ ᠵᠠᠭᠪᠤᠷ ᠢ ᠬᠡᠷᠡᠭᠯᠡᠨ ᠡᠷᠳᠡᠨᠢ | ᠰᠢᠰᠢ ᠶᠢᠨ ᠲᠠᠷᠢᠶᠠᠨ ᠳᠤ ᠰᠢᠷ᠎ᠠ ᠪᠤᠷᠴᠠᠭ ᠢ ᠠᠯᠠᠭᠯᠠᠨ ᠳᠠᠷᠢᠵᠠᠢ᠂ ︽ᠮᠠᠨ ᠤ ᠬᠢᠨ ᠤ ᠬᠤᠷᠰᠢᠶᠠᠵᠢᠯ ᠳᠤ ᠨᠠᠶᠢᠳᠠᠨ | ᠬᠠᠮᠢᠶᠠᠷᠤᠭᠤᠯᠤᠭᠰᠠᠨ ᠨᠡᠶᠢᠯᠡᠮᠡᠯ ᠲᠠᠷᠢᠶᠠᠨ ᠭᠠᠵᠠᠷ 380 ᠭᠠᠷᠤᠢ ᠮᠦ ᠪᠤᠢ᠂ ᠨᠢᠳᠤᠨᠤᠨ ᠨᠡᠶᠢᠯᠡᠭᠦᠯᠦᠨ ᠲᠠᠷᠢᠬᠤ ᠪᠠᠷ | ᠳᠠᠮᠵᠢᠭᠠᠳ᠂ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ 1700 ᠵᠢᠩ ᠣᠷᠴᠢᠮ᠂ ᠰᠢᠷ᠎ᠠ ᠪᠤᠷᠴᠠᠭ 200 | ᠭᠠᠷᠤᠢ ᠵᠢᠩ ᠳᠤ ᠬᠦᠷᠴᠦ᠂ ᠠᠰᠢᠭ ᠣᠯᠵᠠᠪᠤᠷᠢ ᠮᠠᠰᠢ ᠰᠠᠶᠢᠨ ᠪᠠᠶᠢᠨ᠎ᠠ︾ ᠭᠡᠵᠦ ᠯᠦ ᠫᠢᠩ ᠶᠠᠷᠢᠵᠤ ᠪᠠᠶᠢᠯ᠎ᠠ᠃ | ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠭᠡᠯᠪᠡᠷᠢ ᠪᠠᠷ ᠨᠡᠶᠢᠯᠡᠭᠦᠯᠦᠨ ᠳᠠᠷᠢᠬᠤ ᠨᠢ ᠤᠯᠠᠮᠵᠢᠯᠠᠯᠲᠤ | ᠠᠯᠠᠭᠯᠠᠨ ᠳᠠᠷᠢᠬᠤ ᠶᠢ ᠰᠠᠶᠢᠵᠢᠷᠠᠭᠤᠯᠤᠨ ᠲᠠᠰ ᠳᠡᠪᠰᠢᠭᠦᠯᠦᠭᠰᠡᠨ ᠶᠠᠪᠤᠳᠠᠯ ᠪᠣᠯᠣᠨ᠎ᠠ᠂ ᠲᠠᠷᠢᠶᠠᠨ ᠭᠠᠵᠠᠷ᠂ ᠭᠡᠷᠡᠯ ᠤᠨ | ᠲᠤᠰᠤᠯᠲᠠ ᠵᠡᠷᠭᠡ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠵᠤ᠂ ᠭᠠᠵᠠᠷ ᠰᠢᠷᠣᠢ ᠶᠢᠨ ᠶᠡᠷᠦᠩᠬᠡᠢ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠠᠷᠢᠮᠠᠯ ᠤᠨ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠢ | ᠨᠡᠮᠡᠭᠳᠡᠭᠦᠯᠪᠡ᠃ ᠡᠨᠡ ᠵᠢᠯ ᠸᠠ ᠹᠠᠩ ᠮᠠᠯᠵᠢᠯ ᠤᠨ ᠲᠠᠯᠠᠪᠠᠶ ᠨᠢ ᠬᠦᠷᠢᠶ᠎ᠡ ᠬᠤᠰᠢᠭᠤᠨ ᠤ ᠴᠧᠩ ᠱᠢ ᠲᠠᠷᠢᠶᠠᠯᠠᠩ ᠤᠨ | ᠮᠠᠰᠢᠨ ᠤ ᠲᠤᠰᠬᠠᠢ ᠬᠤᠷᠰᠢᠶᠠᠵᠢᠯ ᠢᠶᠠᠷ ᠳᠠᠮᠵᠢᠭᠤᠯᠤᠨ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ | ᠵᠠᠭᠪᠤᠷ ᠢ ᠬᠡᠷᠡᠭᠵᠢᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠭᠡᠯᠪᠡᠷᠢ ᠶᠢᠨ ᠲᠠᠷᠢᠮᠠᠯ ᠢ 1 ᠲᠦᠮᠡ | ᠭᠠᠷᠤᠢ ᠮᠦ ᠬᠥᠭᠵᠢᠭᠦᠯᠵᠡᠢ᠃ ︽ᠡᠨᠡ ᠵᠢᠯ ᠬᠤᠪᠢᠶᠠᠷᠢ ᠲᠠᠯᠠᠪᠠᠶ ᠶᠢᠨ ᠨᠡᠶᠢᠯᠡᠭᠦᠯᠦᠨ ᠳᠠᠷᠢᠭᠰᠠᠨ ᠲᠠᠷᠢᠶᠠᠨ ᠭᠠᠵᠠᠷ | 10195 ᠮᠦ ᠳᠤ ᠬᠦᠷᠴᠦ᠂ 106 ᠲᠠᠷᠢᠶᠠᠴᠢᠨ ᠡᠷᠦᠭᠡ ᠳᠤ ᠬᠤᠯᠪᠣᠭᠳᠠᠪᠠ᠃ ᠨᠡᠶᠢᠯᠡᠭᠦᠯᠦᠨ ᠳᠠᠷᠢᠬᠤ ᠪᠠᠷ | ᠳᠡᠮᠵᠢᠨ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠳᠠ 400 ᠊᠊᠊᠊᠊ 500 ᠵᠢᠩ ᠨᠡᠮᠡᠭᠳᠡᠵᠡᠢ᠃ ᠡᠭᠦᠨ ᠠᠴᠠ | ᠭᠠᠳᠠᠨ᠎ᠠ᠂ ᠨᠡᠶᠢᠯᠡᠭᠦᠯᠦᠨ ᠳᠠᠷᠢᠬᠤ ᠳᠤ ᠪᠠᠰᠠ ᠨᠥᠬᠦᠪᠦᠷᠢ ᠣᠯᠭᠤᠵᠤ᠂ ᠮᠦ ᠪᠦᠷᠢ ᠳᠤ 380 ᠲᠥᠭᠦᠷᠢᠭ | ᠨᠣᠭᠳᠠᠵᠤ᠂ ᠣᠯᠠᠨ ᠲᠦᠮᠡᠨ ᠤ ᠨᠡᠶᠢᠯᠡᠭᠦᠯᠦᠨ ᠳᠠᠷᠢᠬᠤ ᠢᠳᠡᠪᠬᠢᠵᠢᠯ ᠣᠨᠴᠠᠭᠠᠶ ᠳᠡᠭᠡᠭᠰᠢᠯᠡᠭᠰᠡᠨ ᠪᠠᠶᠢᠨ᠎ᠠ︾ ᠭᠡᠵᠦ | ᠬᠦᠷᠢᠶ᠎ᠡ ᠬᠤᠰᠢᠭᠤᠨ ᠤ ᠴᠧᠩ ᠱᠢ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ | ᠭᠤᠤ ᠳ᠋ᠢᠶᠠᠨ ᠫᠧᠩ ᠶᠠᠷᠢᠵᠤ ᠪᠠᠶᠢᠯ᠎ᠠ᠃ | ᠣᠶᠢᠷ᠎ᠠ ᠳᠤ᠂ ᠯᠢᠦ ᠵᠢᠶᠠᠽᠢ ᠪᠠᠯᠭᠠᠰᠤᠨ ᠤ ᠰᠢᠩ ᠱᠤ᠋ ᠸᠠ ᠲᠣᠰᠬᠤᠨ ᠳᠤ᠂ ᠭᠤᠸ᠎ᠠ ᠶᠢᠨ ᠲᠠᠷᠢᠶᠠᠴᠢᠨ ᠰᠢᠶᠣᠣ | ᠪᠠᠢ ᠪᠣᠯᠪᠠᠰᠤᠷᠠᠭᠰᠠᠨ ᠲᠠᠷᠪᠤᠰ ᠢᠶᠠᠨ ᠲᠡᠭᠡᠭᠡᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠷᠭᠠᠬᠤ | ᠪᠠᠷ ᠶᠠᠭᠠᠷᠠᠵᠤ ᠪᠠᠶᠢᠯ᠎ᠠ᠃ ᠡᠨᠡ ᠵᠢᠯ᠂ ᠰᠢᠶᠣᠣ ᠪᠠᠢ ᠰᠢᠩ ᠱᠣ᠋ ᠸᠠ ᠲᠣᠰᠬᠤᠨ ᠳᠤ 53 ᠮᠦ ᠭᠠᠵᠠᠷ ᠢ | ᠳᠠᠭᠠᠭᠠᠴᠢᠯᠠᠨ ᠲᠠᠷᠪᠤᠰ ᠳᠠᠷᠢᠪᠠ᠂ ᠭᠠᠵᠠᠷ ᠰᠢᠷᠣᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠶᠢᠨ ᠲᠥᠯᠥᠭᠡ᠂ | ᠲᠠᠷᠪᠤᠰ ᠤᠨ ᠪᠦᠷᠬᠦᠪᠴᠢ ᠪᠦᠷᠬᠦᠭᠰᠡᠨ ᠬᠤᠭᠤᠴᠠᠭᠠᠨ ᠳᠤ ᠨᠠᠷᠠᠨᠬᠤᠸᠠᠷ ᠤᠨ ᠦᠷ᠎ᠡ ᠰᠠᠴᠤᠵᠤ᠂ ᠠᠯᠠᠭᠯᠠᠨ ᠳᠠᠷᠢᠵᠤ᠂ | ︽ᠭᠤᠸ᠎ᠠ ᠳᠠᠷᠢᠵᠤ ᠨᠠᠷᠠᠨᠬᠤᠸᠠᠷ ᠬᠤᠷᠢᠶᠠᠬᠤ︾ ᠬᠤᠣᠰ ᠬᠤᠷᠢᠶᠠᠯᠲᠠ ᠶᠢ ᠪᠡᠶᠡᠯᠡᠭᠦᠯᠪᠡ᠃ ︽8 ᠰᠠᠷ᠎ᠠ ᠶᠢᠨ | ᠡᠬᠢᠨ ᠳᠤ ᠨᠢᠭᠡᠳᠦᠭᠡᠷ ᠪᠦᠯᠦᠭ ᠲᠠᠷᠪᠤᠰ ᠢ ᠵᠠᠬ᠎ᠠ ᠳᠡᠯᠭᠡᠭᠦᠷ ᠲᠤ ᠭᠠᠷᠭᠠᠵᠤ᠂ ᠵᠢᠩ ᠪᠦᠷᠢ ᠳᠡᠭᠡᠨ 1.5 ᠲᠥᠭᠦᠷᠢᠭ | ᠣᠷᠴᠢᠮ ᠬᠤᠳᠠᠯᠳᠤᠪᠠ᠂ ᠠᠯᠠᠭᠯᠠᠨ ᠳᠠᠷᠢᠭᠰᠠᠨ ᠨᠠᠷᠠᠨᠬᠤᠸᠠᠷ ᠠᠷᠪᠠᠨ ᠨᠢᠭᠡ ᠰᠠᠷ᠎ᠠ ᠠᠴᠠ ᠬᠤᠶᠢᠰᠢ ᠬᠤᠷᠢᠶᠠᠵᠤ | ᠪᠣᠯᠣᠨ᠎ᠠ᠂ ᠠᠯᠠᠭᠯᠠᠨ ᠳᠠᠷᠢᠬᠤ ᠵᠠᠭᠪᠤᠷ ᠨᠢ ᠲᠠᠷᠢᠮᠠᠯ ᠤᠨ ᠡᠷᠦᠭᠡ ᠳᠤ ︿ᠨᠢᠭᠡ ᠭᠠᠵᠠᠷ ᠲᠤ ᠬᠤᠣᠰ ᠬᠤᠷᠢᠶᠠᠯᠲᠠ | ᠣᠯᠬᠤ﹀ ᠶᠢ ᠪᠡᠶᠡᠯᠡᠭᠦᠯᠵᠡᠢ︾ ᠭᠡᠵᠦ ᠰᠢᠶᠣᠣ ᠪᠠᠢ ᠪᠠᠶᠠᠷᠲᠠᠢ ᠶᠠᠷᠢᠵᠤ ᠪᠠᠶᠢᠯ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠰᠢᠩ ᠱᠤ᠋ ᠸᠠ ᠲᠣᠰᠬᠤᠨ ᠠᠯᠠᠭᠯᠠᠨ ᠲᠠᠷᠢᠬᠤ ᠵᠠᠭᠪᠤᠷ ᠢ ᠢᠳᠡᠪᠬᠢᠲᠡᠢ | ᠳᠡᠯᠭᠡᠷᠡᠭᠦᠯᠵᠦ᠂ ᠲᠠᠷᠢᠶᠠᠴᠢᠨ ᠡᠷᠦᠭᠡ ᠶᠢ ᠲᠠᠷᠪᠤᠰ ᠤᠨ ᠲᠠᠷᠢᠶᠠᠨ ᠳᠤ ᠨᠠᠷᠠᠨᠬᠤᠸᠠᠷ ᠲᠠᠷᠢᠬᠤ ᠶᠢ ᠵᠣᠷᠢᠭᠵᠢᠭᠤᠯᠵᠤ᠂ | ᠲᠠᠩ ᠭᠠᠭᠴᠠ ᠲᠠᠷᠢᠮᠠᠯ ᠲᠠᠢ ᠬᠠᠷᠢᠴᠠᠭᠤᠯᠪᠠᠯ᠂ ︽ᠨᠢᠭᠡ ᠤᠯᠠᠷᠢᠯ ᠳᠤ ᠨᠢᠭᠡ ᠬᠤᠷᠢᠶᠠᠬᠤ︾ ᠠᠴᠠ ︽ᠨᠢᠭᠡ | ᠤᠯᠠᠷᠢᠯ ᠳᠤ ᠤᠯᠠᠨ ᠬᠤᠷᠢᠶᠠᠬᠤ︾ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠰᠢᠨ᠎ᠡ ᠵᠠᠮ | ᠨᠡᠭᠡᠭᠡᠨ ᠥᠭᠴᠡᠢ᠃ ︽ᠲᠠᠷᠪᠤᠰ ᠢ 8 ᠰᠠᠷ᠎ᠠ ᠶᠢᠨ ᠡᠬᠢ ᠪᠠᠷ ᠵᠠᠬ᠎ᠠ ᠳᠡᠯᠭᠡᠭᠦᠷ ᠲᠤ ᠭᠠᠷᠭᠠᠵᠤ᠂ ᠨᠠᠷᠠᠨᠬᠤᠸᠠᠷ ᠢ 10 | ᠰᠠᠷ᠎ᠠ ᠶᠢᠨ ᠰᠡᠭᠦᠯᠴᠢ ᠪᠠᠷ ᠵᠠᠬ᠎ᠠ ᠳᠡᠯᠭᠡᠭᠦᠷ ᠲᠤ ᠭᠠᠷᠭᠠᠬᠤ ᠨᠢ ᠬᠠᠷᠢᠯᠴᠠᠨ ᠨᠥᠯᠥᠭᠡᠯᠡᠬᠦ ᠦᠭᠡᠢ ᠶᠤᠮ᠂ ᠠᠯᠠᠭᠯᠠᠨ | ᠳᠠᠷᠢᠭᠰᠠᠨ ᠨᠠᠷᠠᠨᠬᠤᠸᠠᠷ ᠤᠨ ᠮᠦ ᠨᠢᠭᠡᠴᠢ ᠶᠢᠨ ᠤᠨᠠᠯᠲᠠ ᠶᠢ ᠵᠢᠩ ᠪᠦᠷᠢ ᠳᠡᠭᠡᠨ 6 ᠲᠥᠭᠦᠷᠢᠭ ᠢᠶᠠᠷ ᠪᠤᠳᠤᠪᠠᠯ | ᠲᠠᠷᠪᠤᠰ ᠤᠨ ᠡᠬᠡ ᠮᠥᠩᠭᠦ ᠶᠢᠨ ᠬᠠᠭᠠᠰ ᠢ ᠬᠤᠷᠢᠶᠠᠨ ᠠᠪᠴᠢᠷᠠᠵᠤ ᠲᠠᠶᠢᠯᠤᠨ᠎ᠠ᠂ ᠮᠠᠨ ᠤ ᠲᠣᠰᠬᠤᠨ ᠳᠤ ᠡᠨᠡ ᠵᠢᠯ | ᠲᠠᠪᠢ ᠵᠢᠷᠠᠨ ᠡᠷᠦᠭᠡ ᠲᠠᠷᠪᠤᠰ ᠲᠠᠷᠢᠵᠤ᠂ ᠲᠠᠯᠠᠪᠠᠢ ᠨᠢ 4000 ᠮᠦ ᠣᠷᠴᠢᠮ ᠳᠤ ᠬᠦᠷᠴᠦ᠂ ᠳᠤᠮᠳᠠ ᠨᠢ | ᠪᠦᠭᠦᠨ ᠢᠶᠠᠷ ᠢᠶᠠᠨ ᠨᠠᠷᠠᠨᠬᠤᠸᠠᠷ ᠢ ᠠᠯᠠᠭᠯᠠᠨ ᠳᠠᠷᠢᠵᠤ᠂ ᠮᠦ ᠨᠢᠭᠡᠴᠢ ᠶᠢᠨ ᠣᠷᠣᠯᠭ᠎ᠠ ᠨᠢ 1000 ᠊᠊᠊᠊᠊ 1200 | ᠲᠥᠭᠦᠷᠢᠭ ᠨᠡᠮᠡᠭᠳᠡᠵᠡᠢ︾ ᠭᠡᠵᠦ ᠰᠢᠩ ᠱᠤ᠋ ᠸᠠ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ | ᠠᠷᠠᠳ ᠤᠨ ᠵᠥᠪᠯᠡᠯ ᠤᠨ ᠡᠷᠭᠢᠯᠡᠭᠴᠢ ᠰᠦᠨ ᠳ᠋ᠧ ᠶᠢᠨ ᠲᠠᠨᠢᠯᠴᠠᠭᠤᠯᠤᠨ ᠶᠠᠷᠢᠵᠤ ᠪᠠᠶᠢᠯ᠎ᠠ᠃ | ︵ᠦ᠋ ᠫᠧᠢ ᠰᠢ ᠠᠯᠮᠠᠰ︶ |