ᠲᠦᠩᠯᠢᠶᠣᠤ ᠬᠤᠲᠠ ᠠᠮᠤ ᠪᠤᠳᠠᠭ᠎ᠠ ᠨᠥᠭᠡᠴᠡᠯᠡᠬᠦ ᠲᠤᠰᠬᠠᠶ ᠠᠰᠢᠭ ᠤᠨ ᠪᠡᠯᠡᠳᠬᠡᠮᠵᠢ ᠪᠣᠯᠬᠤ ︽ᠬᠤᠣᠰ ᠴᠢᠭᠯᠡᠯ ᠢᠶᠠᠷ ᠰᠠᠯᠬᠢ ᠨᠡᠪᠲᠡᠷᠡᠭᠦᠯᠦᠨ ᠠᠮᠤ ᠪᠤᠳᠠᠭ᠎ᠠ ᠬᠠᠲᠠᠭᠠᠬᠤ ᠬᠥᠮᠥᠷᠭᠡ︾ ᠶᠢ ᠠᠩᠬ᠎ᠠ ᠰᠤᠳᠤᠯᠤᠨ ᠡᠭᠦᠳᠴᠦ ᠰᠢᠶᠠᠨ ᠤ ᠬᠡᠪᠴᠢᠶᠡᠨ ᠤ ᠰᠢᠨᠵᠢᠯᠡᠬᠦ ᠤᠬᠠᠭᠠᠨᠴᠢ ᠪᠦᠭᠡᠳ ᠪᠤᠳᠠᠳᠠᠦ ᠬᠡᠷᠡᠭᠯᠡᠭᠡᠨ ᠤ ᠠᠮᠤ ᠪᠤᠳᠠᠭ᠎ᠠ ᠨᠥᠭᠡᠴᠡᠯᠡᠬᠦ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/11/1
    ᠤᠯᠠᠮᠵᠢᠯᠠᠯᠲᠤ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶᠠᠨ ᠳᠤ ᠪᠠᠨ ︽ᠭᠠᠵᠠᠷ ᠲᠤ ᠠᠮᠤ ᠳᠡᠯᠭᠡᠵᠦ︾ ᠬᠠᠳᠠᠭᠠᠯᠠᠬᠤ ᠳᠤ ᠴᠢᠨᠠᠷ ᠨᠢ ᠠᠮᠠᠷᠬᠠᠨ ᠬᠤᠪᠢᠷᠠᠬᠤ᠂ ᠬᠤᠯᠤᠭᠠᠨ᠎ᠠ ᠬᠡᠮᠡᠯᠢᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠦᠩᠯᠢᠶᠣᠤ ᠬᠤᠲᠠ ᠶᠢᠨ ᠬᠢᠨ ᠤᠯᠤᠰ ᠤᠨ ᠳᠣᠲᠣᠭᠠᠳᠤ ᠭᠠᠳᠠᠭᠠᠳᠤ ᠳᠠᠬᠢ ᠠᠩᠬᠠᠳᠠᠭᠴᠢ ᠮᠦᠬᠦᠯᠢᠭᠲᠦ ᠠᠮᠤ ᠪᠤᠳᠠᠭ᠎ᠠ ᠶᠢ ᠪᠤᠰᠤᠭ᠎ᠠ ᠴᠤᠭᠴᠠ ᠪᠠᠷ ᠨᠢ ᠬᠠᠲᠠᠭᠠᠬᠤ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠪᠦᠲᠦᠭᠡᠭᠳᠡᠭᠦᠨ — ᠺᠠᠶᠢᠯᠤ ᠰᠢᠶᠠᠨ ᠤ ᠬᠤᠤᠰ ᠴᠢᠭᠯᠡᠯ ᠢᠶᠠᠷ ᠰᠠᠯᠬᠢ ᠨᠡᠪᠲᠡᠷᠡᠭᠦᠯᠦᠨ ᠠᠮᠤ ᠪᠤᠳᠠᠭ᠎ᠠ ᠬᠠᠲᠠᠭᠠᠬᠤ ᠬᠦᠮᠦᠷᠭᠡ ᠶᠢ ᠰᠤᠳᠤᠯᠤᠨ ᠨᠡᠬᠡᠬᠡᠵᠦ᠂ ᠤᠯᠠᠮᠵᠢᠯᠠᠯᠲᠤ ᠠᠷᠭ᠎ᠠ ᠪᠣᠯᠬᠤ ᠭᠠᠵᠠᠷ ᠲᠤ ᠡᠭᠡᠭᠡᠵᠦ ᠬᠠᠲᠠᠭᠠᠵᠤ ᠪᠠᠶᠢᠭᠰᠠᠨ ᠠᠴᠠ ᠪᠠᠨ ᠪᠣᠰᠤᠭ᠎ᠠ ᠴᠤᠭᠴᠠ ᠪᠠᠷ ᠡᠭᠡᠭᠡᠵᠦ ᠬᠠᠲᠠᠭᠠᠬᠤ ᠪᠣᠯᠭᠠᠪᠠ᠂ ᠡᠨᠡ ᠨᠢ ᠪᠠᠶᠢᠭᠠᠯᠢ ᠶᠢᠨ ᠰᠠᠯᠬᠢᠨ ᠤ ᠡᠨᠧᠷᠭᠢ ᠪᠠ ᠨᠡᠷᠡᠨ ᠤ ᠡᠨᠧᠷᠭᠢ ᠶᠢ ᠪᠦᠷᠢᠮᠦᠰᠦᠨ ᠠᠰᠢᠭᠯᠠᠵᠤ ᠪᠠᠶᠢᠭᠠᠳ ᠠᠮᠤ ᠪᠤᠳᠠᠭᠠᠨ ᠤ ᠲᠠᠷᠢᠮᠠᠯ ᠢ ᠬᠠᠳᠠᠭᠠᠵᠤ᠂ ᠴᠢᠭᠢᠭ ᠤᠨ ᠬᠡᠮᠵᠢᠶ᠎ᠡ ᠶᠢ ᠨᠢ ᠠᠮᠤᠷ ᠲᠦᠪᠰᠢᠨ ᠤ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠮᠤ ᠪᠤᠳᠠᠭᠠᠨ ᠤ ᠬᠤᠬᠢᠷᠠᠯ ᠢ 8% ᠪᠠᠷ ᠪᠠᠭᠠᠰᠬᠠᠨ᠂ ᠡᠵᠡᠯᠡᠬᠦ ᠲᠠᠯᠠᠪᠠᠢ ᠨᠢ ᠪᠠᠭ᠎ᠠ᠂ ᠦᠢᠯᠡᠳᠬᠦ ᠦᠨ᠎ᠡ ᠨᠢ ᠳᠣᠣᠷ᠎ᠠ᠂ ᠬᠡᠷᠡᠭᠯᠡᠬᠦ ᠴᠠᠭ ᠨᠢ ᠤᠷᠳᠤ ᠵᠡᠷᠭᠡ ᠣᠨᠴᠠᠯᠢᠭ ᠲᠠᠢ ᠪᠠᠶᠢᠵᠤ᠂ ᠭᠤᠣᠯᠳᠠᠭᠤ ᠡᠷᠳᠡᠨᠢ ᠰᠢᠰᠢ᠂ ᠨᠡᠷᠡᠨ ᠬᠤᠸᠠᠷ᠂ ᠯᠣᠬᠠᠱᠧᠩ᠂ ᠤᠰᠤᠨ ᠲᠤᠲᠤᠷᠭ᠎ᠠ ᠵᠡᠷᠭᠡ ᠠᠮᠤ ᠪᠤᠳᠠᠭᠠᠨ ᠤ ᠲᠦᠷᠦᠯ ᠤᠨ ᠲᠠᠷᠢᠮᠠᠯ ᠢ ᠤᠰᠤ ᠦᠭᠡᠶᠢᠳᠡᠭᠦᠯᠦᠨ ᠬᠠᠲᠠᠭᠠᠬᠤ ᠳᠤ ᠬᠡᠷᠡᠭᠯᠡᠵᠦ᠂ ᠪᠠᠭᠠᠬᠠᠨ ᠲᠠᠷᠢᠶᠠᠴᠢᠨ ᠡᠷᠦᠭᠡ ᠪᠠ ᠪᠠᠭ᠎ᠠ ᠬᠡᠪᠴᠢᠶᠡᠨ ᠤ ᠬᠤᠷᠰᠢᠶ᠎ᠠ ᠳᠤ ᠥᠷᠭᠡᠨ ᠢᠶᠠᠷ ᠳᠡᠯᠭᠡᠷᠡᠭᠦᠯᠦᠨ ᠬᠡᠷᠡᠭᠯᠡᠬᠦ ᠳᠤ ᠲᠣᠬᠢᠷᠠᠨ᠎ᠠ᠃ 3500 ᠺᠢᠯᠣᠭ᠍ᠷᠠᠮ ᠪᠠᠭᠲᠠᠭᠠᠬᠤ ᠬᠤᠣᠰ ᠴᠢᠭᠯᠡᠯ ᠢᠶᠠᠷ ᠰᠠᠯᠬᠢ ᠨᠡᠪᠲᠡᠷᠡᠭᠦᠯᠦᠨ ᠠᠮᠤ ᠪᠤᠳᠠᠭ᠎ᠠ ᠬᠠᠲᠠᠭᠠᠬᠤ ᠬᠥᠮᠥᠷᠭᠡ ᠪᠠᠷ ᠵᠢᠱᠢᠶᠡᠯᠡᠪᠡᠯ᠂ ᠪᠡᠯᠡᠳᠭᠡᠮᠵᠢ ᠶᠢᠨ ᠥᠪᠡᠷ ᠤᠨ ᠥᠷᠲᠡᠭ ᠤᠨ ᠦᠨ᠎ᠡ ᠨᠢ ᠪᠠᠷᠤᠭ 2200 ᠲᠥᠭᠦᠷᠢᠭ ᠪᠠᠶᠢᠵᠤ᠂ 15 — 20 ᠵᠢᠯ ᠳᠤ ᠬᠡᠷᠡᠭᠯᠡᠵᠦ ᠪᠣᠯᠬᠤ ᠪᠦᠭᠡᠳ ᠵᠢᠯ ᠪᠦᠷᠢ 280 ᠺᠢᠯᠣᠭ᠍ᠷᠠᠮ ᠠᠮᠤ ᠪᠤᠳᠠᠭᠠᠨ ᠤ ᠬᠤᠷᠣᠭᠳᠠᠯ ᠢ ᠪᠠᠭᠠᠰᠬᠠᠵᠤ ᠪᠣᠯᠣᠨ᠎ᠠ᠃ ᠡᠭᠦᠨ ᠤ ᠬᠠᠮᠲᠤ᠂ ᠺᠠᠶᠢᠯᠤ ᠰᠢᠶᠠᠨ ︽ᠠᠮᠤ ᠪᠤᠳᠠᠭᠠᠨ ᠤ ᠪᠠᠩᠬᠢ︾ ᠬᠢᠭᠡᠳ ᠠᠮᠤ ᠪᠤᠳᠠᠭ᠎ᠠ ᠨᠥᠭᠡᠴᠡᠯᠡᠬᠦ ᠲᠥᠬᠦᠮ ᠪᠡᠯᠡᠳᠭᠡᠮᠵᠢ ᠶᠢᠨ ᠬᠠᠷᠢᠯᠴᠠᠨ ᠨᠥᠬᠦᠪᠦᠷᠢᠯᠡᠬᠦ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠷᠭ᠎ᠠ ᠮᠠᠶ᠋ᠢᠭ ᠢ ᠳᠡᠯᠭᠡᠷᠡᠭᠦᠯᠵᠦ᠂ ︽ᠥᠨᠳᠥᠷ ᠤᠨᠠᠯᠲᠠ ᠣᠯᠬᠤᠶᠢᠴᠠ ᠨᠢᠭᠲᠠ ᠳᠠᠷᠢᠵᠤ ᠤᠨᠠᠯᠲᠠ ᠶᠢ ᠨᠡᠮᠡᠭᠳᠡᠭᠦᠯᠬᠦ + ᠵᠠᠮᠴᠢᠯᠠᠭᠤᠷ ᠢᠶᠠᠷ ᠤᠨᠤᠪᠴᠢᠲᠠᠢ ᠬᠡᠮᠵᠢᠨ ᠳᠠᠷᠢᠵᠤ ᠬᠤᠷᠢᠶᠠᠬᠤ + ᠰᠢᠷᠦ᠋ᠢᠳᠤᠭᠤᠯᠬᠤ ᠦᠭᠡᠢ ᠪᠠᠷ ᠬᠦᠮᠦᠷᠭᠡᠯᠡᠨ ᠨᠥᠭᠡᠴᠡᠯᠡᠬᠦ︾ ᠠᠮᠤ ᠪᠤᠳᠠᠭ᠎ᠠ ᠪᠠᠨ ᠨᠡᠮᠡᠭᠳᠡᠭᠦᠯᠵᠦ ᠬᠤᠬᠢᠷᠠᠯ ᠢ ᠨᠢ ᠪᠠᠭᠠᠰᠬᠠᠵᠤ ᠴᠢᠨᠠᠷ ᠢ ᠪᠠᠲᠤᠯᠠᠬᠤ ᠬᠡᠪ ᠵᠠᠭᠪᠤᠷ ᠢ ᠪᠣᠶ ᠪᠣᠯᠭᠠᠪᠠ᠃ ᠣᠳᠣᠬᠠᠨ ᠳᠤ᠂ ᠲᠣᠰ ᠠᠮᠤ ᠪᠤᠳᠠᠭ᠎ᠠ ᠨᠥᠭᠡᠴᠡᠯᠡᠬᠦ ᠬᠡᠪ ᠵᠠᠭᠪᠤᠷ ᠢ ᠨᠢᠭᠡᠨᠲᠡ ᠺᠠᠶᠢᠯᠤ ᠰᠢᠶᠠᠨ ᠤ 12 ᠪᠠᠯᠭᠠᠰᠤ ᠲᠠᠯᠠᠪᠤᠷ ᠲᠤ 2000 ᠭᠠᠷᠤᠢ ᠢᠵᠢ ᠳᠡᠯᠭᠡᠷᠡᠭᠦᠯᠦᠨ ᠬᠡᠷᠡᠭᠯᠡᠪᠡ᠂ ᠵᠢᠯ ᠪᠦᠷᠢ 560 ᠲᠣᠨ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠪᠤᠯᠤᠨ᠎ᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号