10 ᠰᠠᠷ᠎ᠠ ᠶᠢᠨ 31 ᠤ ᠡᠳᠦᠷ᠂ ᠲᠦᠩᠯᠢᠶᠣᠤ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ | ᠬᠢᠨ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠢᠷᠡᠵᠦ ᠬᠢᠴᠢᠶᠡᠯ ᠬᠦᠮᠦᠵᠢᠯ ᠬᠦᠷᠭᠡᠬᠦ | ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠳᠤ᠂ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ | ᠳᠠᠭᠤᠯᠠᠬᠤ᠂ ᠪᠥᠵᠢᠭ᠂ ᠶᠠᠷᠢᠶ᠎ᠠ ᠢᠯᠡᠳᠬᠡᠯ ᠬᠢᠬᠦ ᠵᠡᠷᠭᠡ ᠬᠢᠴᠢᠶᠡᠯ ᠤᠨ ᠵᠢᠭᠠᠨ ᠰᠤᠷᠭᠠᠬᠤ ᠪᠠᠭᠰᠢ ᠨᠠᠷ | ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠢᠷᠡᠵᠦ ᠰᠤᠷᠤᠭᠴᠢᠳ ᠲᠤ ᠬᠢᠴᠢᠶᠡᠯ ᠣᠷᠣᠪᠠ᠃ | ᠪᠠᠭᠰᠢ ᠨᠠᠷ ᠦᠵᠡᠵᠦ ᠰᠣᠨᠣᠰᠬᠤ ᠳᠤᠷᠠᠲᠠᠢ ᠬᠡᠯᠪᠡᠷᠢ᠂ ᠱᠤᠭ ᠶᠦᠮᠦᠷᠯᠢᠭ ᠦᠭᠡ ᠬᠡᠯᠡ ᠪᠠᠷ ᠰᠤᠷᠤᠭᠴᠢᠳ ᠲᠤ | ᠮᠣᠩᠭᠤᠯ ᠪᠥᠵᠢᠭ᠂ ᠤᠷᠠᠨ ᠤᠩᠰᠢᠯᠭ᠎ᠠ ᠶᠢᠨ ᠦᠨᠳᠦᠰᠦᠨ ᠮᠡᠳᠡᠯᠭᠡ ᠶᠢ ᠵᠢᠭᠠᠵᠤ ᠥᠭᠭᠦᠭᠰᠡᠨ ᠪᠥᠭᠡᠳ ᠲᠤᠬᠠᠢ ᠶᠢᠨ | ᠲᠠᠯᠠᠪᠠᠢ ᠳᠤ ᠵᠢᠭᠠᠨ ᠵᠢᠯᠣᠭᠤᠳᠴᠤ᠂ ᠨᠠᠰᠤᠲᠠᠶᠢᠴᠤᠳ ᠤᠨ ᠰᠠᠶᠢᠨ ᠦᠨᠡᠯᠡᠯᠲᠡ ᠶᠢ ᠣᠯᠵᠠᠢ᠃ ᠲᠣᠰ ᠤᠳᠠᠭᠠᠨ ᠤ | ︽ᠬᠢᠴᠢᠶᠡᠯ ᠬᠦᠮᠦᠵᠢᠯ ᠢ ᠬᠥᠳᠡᠭᠡ ᠬᠦᠷᠭᠡᠬᠦ︾ ᠠᠵᠢᠯᠯᠠᠭ᠎ᠠ ᠨᠢ ᠮᠠᠨ ᠤ ᠬᠤᠰᠢᠭᠤᠨ ᠤ ᠨᠠᠰᠤᠲᠠᠶᠢᠴᠤᠳ ᠤᠨ ᠶᠡᠭᠡ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠳᠤ ᠠᠰᠢᠭᠲᠠᠢ ᠯᠠᠪᠯᠠᠯᠲᠠ ᠬᠠᠩᠭᠠᠵᠤ᠂ ᠬᠤᠲᠠ᠂ ᠬᠤᠰᠢᠭᠤ ᠬᠤᠶᠠᠷ | ᠱᠠᠲᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢ ᠬᠠᠮᠲᠤ ᠪᠠᠷ ᠰᠤᠳᠤᠯᠵᠤ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ | | | |