ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ 2024 ᠣᠨ ᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠢ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/11
  11 ᠰᠠᠷ᠎ᠠ ᠶᠢᠨ 8 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠣᠣ ᠬᠤᠶ᠂ ᠮᠡᠷᠭᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠵᠥᠪᠯᠡᠯ ᠠᠯᠪᠠᠨ ᠬᠡᠷ ᠤᠨ ᠬᠠᠷᠢᠭᠤᠴᠠᠯᠭᠠᠲᠠᠨ᠂ ᠬᠠᠮᠢᠶ᠎ᠠ ᠪᠥᠬᠦᠶ ᠰᠠᠨᠠᠯ ᠳᠤᠷᠠᠳᠤᠯᠭ᠎ᠠ ᠳᠤᠷᠠᠳᠤᠭᠰᠠᠨ ᠭᠡᠰᠢᠭᠦᠳ ᠢ ᠳᠠᠭᠠᠭᠤᠯᠤᠨ 2024 ᠣᠨ ᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ  ᠭᠦᠢᠴᠡᠳᠭᠡᠭᠰᠡᠨ ᠪᠠᠶᠢᠳᠠᠯ ᠢ ᠪᠠᠶᠢᠴᠠᠭᠠᠨ ᠦᠵᠡᠬᠦ ᠠᠵᠢᠯᠯᠠᠭ᠎ᠠ ᠶᠢ ᠥᠷᠨᠢᠭᠦᠯᠪᠡ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠲᠦᠩᠯᠢᠶᠣᠤ ᠬᠤᠳᠠ ᠶᠢᠨ ᠮᠧᠩ ᠹᠦ᠋ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠠᠨ ᠱᠦᠢ ᠷᠧᠨ ᠵᠢᠶᠠ ᠨᠡᠶᠢᠭᠡᠮ ᠲᠣᠭᠤᠷᠢᠭ᠂ ᠬᠦᠷᠢᠶ᠎ᠡ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡᠨ ᠤ ᠲᠥᠪ᠂ ᠵᠦᠩ ᠶᠠᠩ ᠭᠥᠩ ᠭᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠢ᠂ ᠥᠪᠥᠷ ᠮᠣᠩᠭᠤᠯ ᠤᠨ ᠬᠤᠩ ᠳ᠋ᠠ ᠱᠧᠩ ᠮᠤᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠬᠦ ᠲᠤᠬᠠᠶ ᠰᠠᠨᠠᠯ ᠳᠤᠷᠠᠳᠤᠯᠭ᠎ᠠ︾ ︽ᠬᠤᠲᠠ ᠶᠢᠨ ᠲᠡᠭᠦᠷᠭᠡ ᠶᠢᠨ ᠣᠷᠣᠨ ᠤ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯ ᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ ︽ᠣᠳᠣᠬᠠᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠵᠢᠴᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢᠨ ᠲᠤᠬᠠᠶ ᠰᠠᠨᠠᠯ ᠳᠤᠷᠠᠳᠤᠯᠭ᠎ᠠ︾ ᠵᠡᠷᠭᠡ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠮᠠᠭᠠᠶ ᠰᠣᠨᠣᠰᠪᠠ᠃    ᠪᠠᠶᠢᠴᠠᠭᠠᠨ ᠦᠵᠡᠬᠦ ᠳᠤᠭᠤᠶᠢᠯᠠᠩ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠣᠯ ᠠᠷᠠᠳ ᠤᠨ ᠰᠠᠨᠠᠭ᠎ᠠ ᠲᠥᠪᠯᠡᠷᠡᠭᠰᠡᠨ ᠢᠯᠡᠷᠡᠯ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠡᠶᠢᠭᠡᠮ ᠤᠨ ᠠᠩᠬᠠᠷᠤᠯ ᠪᠠ ᠭᠡᠰᠢᠭᠦᠳ ᠤᠨ ᠰᠠᠨᠠᠯ ᠳᠤᠷᠠᠳᠤᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠰᠢᠢᠳᠪᠦᠷᠢᠯᠡᠬᠦ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷᠭᠦᠯᠵᠢᠯᠡᠨ ᠮᠥᠷᠳᠡᠬᠦ ᠪᠠᠨ ᠴᠢᠩᠭᠠᠳᠬᠠᠵᠤ᠂ ᠪᠤᠢ ᠪᠦᠬᠦᠢ ᠰᠠᠨᠠᠯ ᠳᠤᠷᠠᠳᠤᠯᠭ᠎ᠠ ᠶᠢ ᠴᠥᠮ ᠪᠣᠳᠠᠲᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠰᠠᠨᠠᠯ ᠳᠤᠷᠠᠳᠤᠯᠭ᠎ᠠ ᠶᠢᠨ ᠳᠣᠲᠣᠷᠠᠬᠢ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠦᠨᠡᠨ ᠬᠦ ᠠᠵᠢᠯ ᠢᠶᠠᠨ ᠠᠬᠢᠭᠤᠯᠬᠤ ᠰᠢᠢᠳᠪᠦᠷᠢᠲᠦ ᠪᠤᠳᠤᠯᠭ᠎ᠠ ᠶᠢᠨ ᠦᠨᠳᠦᠰᠦᠯᠡᠯ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠭᠡᠰᠢᠭᠦᠳ ᠶᠡᠭᠡ ᠲᠠᠯ᠎ᠠ ᠠᠴᠠ ᠪᠣᠳᠣᠯᠬᠢᠯᠠᠨ᠂ ᠪᠠᠭ᠎ᠠ ᠲᠠᠯ᠎ᠠ ᠠᠴᠠ ᠭᠠᠷᠳᠠᠵᠤ᠂ ᠲᠤᠰᠬᠠᠶ ᠮᠡᠷᠭᠡᠵᠢᠯ ᠢᠶᠠᠨ ᠪᠠᠳᠠᠷᠠᠭᠤᠯᠤᠨ᠂ ᠰᠡᠳᠦᠪ ᠢᠶᠠᠨ ᠨᠠᠷᠢᠨ ᠨᠢᠮᠪᠠᠶ ᠰᠣᠩᠭᠤᠵᠤ᠂ ᠭᠦᠢᠴᠡᠳ ᠨᠤᠲᠠᠯᠠᠯᠲᠠ ᠬᠢᠵᠦ᠂ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠶᠢ ᠢᠯᠡᠭᠦᠬᠡᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠰᠢᠨ᠎ᠡ ᠦᠷ᠎ᠡ ᠪᠦᠲᠦᠮᠵᠢ ᠪᠠᠷ ᠬᠦᠷᠢᠶ᠎ᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号