ᠲᠥᠩᠯᠢᠶᠤᠤ ᠬᠤᠲᠠ ᠰᠢᠨ᠎ᠡ ᠬᠡᠯᠪᠡᠷᠢ ᠶᠢᠨ ᠡᠨᠧᠷᠬᠢ ᠶᠢᠨ ᠲᠣᠭᠲᠠᠯᠴᠠᠭ᠎ᠠ ᠶᠢ ᠲᠥᠷᠭᠡᠳᠭᠡᠨ ᠪᠠᠶᠢᠭᠤᠯᠵᠤ ᠴᠠᠬᠢᠯᠭᠠᠨ ᠤ ᠰᠤᠷᠪᠤᠯᠵᠢ ᠲᠣᠤᠷ ᠳᠠᠭᠠᠭᠠᠴᠠ ᠡᠨᠧᠷᠬᠢ ᠶᠢᠨ ᠨᠥᠬᠡᠴᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/11/12
  ᠲᠥᠩᠯᠢᠶᠤᠤ ᠬᠤᠲᠠ ᠰᠢᠨ᠎ᠡ ᠬᠡᠯᠪᠡᠷᠢ ᠶᠢᠨ ᠡᠨᠧᠷᠬᠢ ᠶᠢᠨ ᠲᠣᠭᠲᠠᠯᠴᠠᠭ᠎ᠠ ᠶᠢ ᠲᠥᠷᠭᠡᠳᠭᠡᠨ ᠪᠠᠶᠢᠭᠤᠯᠵᠤ᠂ ᠴᠠᠬᠢᠯᠭᠠᠨ ᠤ ᠰᠤᠷᠪᠤᠯᠵᠢ ᠲᠣᠤᠷ ᠳᠠᠭᠠᠭᠠᠴᠠ ᠡᠨᠧᠷᠬᠢ ᠶᠢᠨ ᠨᠥᠬᠡᠴᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ ᠪᠠᠶᠢᠨ᠎ᠠ᠃ ᠥᠪᠦᠷ ᠮᠣᠩᠭᠤᠯ ︵ᠨᠠᠢᠮᠠᠨ︶ ᠤᠨ ᠵᠢᠩ ᠠᠨ ᠦᠩᠭᠡᠲᠦ ᠲᠡᠮᠦᠷᠯᠢᠭ ᠤᠨ ᠮᠠᠲ᠋ᠧᠷᠢᠶᠠᠯ ᠤᠨ ᠬᠢᠵᠠᠭᠠᠷᠲᠣ ᠺᠣᠮᠫᠠᠨᠢ ᠶᠢᠨ ᠴᠠᠬᠢᠯᠭᠠᠨ ᠤ ᠰᠣᠷᠪᠤᠯᠵᠢ ᠲᠣᠤᠷ ᠳᠠᠭᠠᠭᠠᠴᠠ ᠡᠨᠧᠷᠬᠢ ᠶᠢᠨ ᠨᠥᠬᠡᠴᠡ ᠶᠢ ᠨᠢᠭᠡ ᠴᠤᠭᠴᠠᠵᠢᠭᠤᠯᠬᠤ ᠲᠥᠷᠦᠯ ᠵᠦᠢᠯ ᠢ ᠪᠦᠲᠦᠭᠡᠨ ᠪᠠᠶᠢᠭᠤᠯᠵᠤ ᠪᠣᠢ᠃ ᠶᠡᠷᠦᠩᠬᠡᠢ ᠪᠡᠯᠡ ᠣᠷᠤᠭᠤᠯᠤᠯᠲᠠ ᠨᠢ 14.79 ᠳ᠋ᠥᠩᠰᠢᠭᠤᠷ ᠲᠥᠭᠦᠷᠢᠭ᠂ ᠰᠢᠨ᠎ᠡ ᠪᠠᠷ ᠨᠡᠮᠡᠭᠳᠡᠭᠰᠡᠨ ᠳᠠᠭᠠᠭᠠᠴᠠ ᠨᠢ 37 ᠲᠥᠮᠡᠨ ᠺᠢᠯᠤᠸᠠᠲ ᠪᠠᠶᠢᠵᠤ᠂ ᠲᠣᠬᠢᠷᠠᠭᠤᠯᠤᠨ ᠪᠠᠶᠢᠭᠤᠯᠬᠤ ᠡᠨᠧᠷᠬᠢ ᠶᠢᠨ ᠬᠡᠪᠴᠢᠶ᠎ᠡ ᠨᠢ 40 ᠲᠦᠮᠡᠨ ᠺᠢᠯᠤᠸᠠᠲ ᠪᠣᠯᠤᠨ᠎ᠠ᠂ ᠡᠭᠦᠨ ᠳᠤ 25 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂ 15 ᠲᠦᠮᠡᠨ ᠺᠢᠯᠤᠸᠠᠲ ᠤᠨ ᠭᠡᠷᠡᠯᠴᠢ ᠴᠡᠨᠡᠭ᠂ 6 ᠲᠦᠮᠡᠨ ᠺᠢᠯᠤᠸᠠᠲ / 24 ᠲᠦᠮᠡᠨ ᠺᠢᠯᠤᠸᠠᠲ ᠴᠠᠭ ᠤᠨ ᠡᠨᠧᠷᠬᠢ ᠶᠢᠨ ᠨᠥᠬᠡᠴᠡ ᠶᠢ ᠪᠠᠭᠲᠠᠭᠠᠨ᠎ᠠ᠃ ᠲᠣᠰ ᠲᠦᠷᠦᠯ ᠵᠦᠢᠯ  ᠨᠢ 2024 ᠣᠨ ᠤ ᠡᠴᠦᠰ ᠲᠤ ᠪᠠᠶᠢᠭᠤᠯᠤᠭᠰᠠᠨ ᠭᠡᠷᠡᠯᠴᠢ ᠴᠡᠨᠡᠭ ᠤᠨ ᠲᠦᠷᠦᠯ ᠵᠦᠢᠯ ᠢ ᠴᠦᠮ ᠠᠰᠢᠭᠯᠠᠯᠲᠠ ᠳᠤ ᠣᠷᠤᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠬᠡᠰᠡᠭ ᠠᠴᠠ 10 ᠲᠦᠮᠡᠨ ᠺᠢᠯᠤᠸᠠᠲ ᠢ ᠨᠢ ᠠᠰᠢᠭᠯᠠᠯᠲᠠ ᠳᠤ ᠣᠷᠤᠭᠤᠯᠤᠨ᠂ ᠦᠯᠡᠳᠡᠭᠰᠡᠨ ᠲᠦᠷᠦᠯ ᠵᠦᠢᠯ ᠢ 2025 ᠣᠨ ᠤ 4 ᠳ᠋ᠤᠭᠡᠷ ᠰᠠᠷ᠎ᠠ ᠶᠢᠨ ᠡᠴᠦᠰ ᠲᠤ ᠪᠦᠬᠦᠨ ᠢ ᠠᠰᠢᠭᠯᠠᠯᠲᠠ ᠳᠤ ᠣᠷᠤᠭᠤᠯᠬᠤ ᠪᠠᠷ ᠲᠥᠯᠦᠪᠯᠡᠵᠦ ᠪᠣᠢ᠃ ᠠᠰᠢᠭᠯᠠᠯᠲᠠ ᠳᠤ ᠣᠷᠤᠭᠤᠯᠪᠠᠯ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 10 ᠳ᠋ᠥᠩᠰᠢᠭᠤᠷ ᠺᠢᠯᠤᠸᠠᠲ ᠴᠠᠭ ᠲᠤ ᠬᠦᠷᠴᠦ᠂ ᠪᠠᠷᠢᠮᠵᠢᠶᠠᠲᠤ ᠨᠡᠭᠦᠷᠡᠰᠦ ᠶᠢ 30 ᠲᠦᠮᠡᠨ ᠲᠣᠨ ᠠᠷᠪᠢᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 84 ᠲᠦᠮᠡᠨ ᠲᠤᠨ ᠪᠠᠭᠠᠰᠬᠠᠬᠤ ᠪᠣᠯᠤᠨ᠎ᠠ᠃    ᠥᠪᠦᠷ ᠮᠣᠩᠭᠤᠯ ᠤᠨ ᠴᠤᠸᠠᠩ ᠶᠤᠸᠠᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠤ ᠰᠤᠷᠪᠤᠯᠵᠢ ᠲᠣᠤᠷ ᠳᠠᠭᠠᠭᠠᠴᠠ ᠡᠨᠧᠷᠬᠢ ᠶᠢᠨ ᠨᠥᠬᠡᠴᠡ ᠶᠢ ᠨᠢᠭᠡ ᠴᠤᠭᠴᠠᠵᠢᠭᠤᠯᠬᠤ ᠲᠦᠷᠦᠯ ᠵᠦᠢᠯ ᠢ ᠪᠦᠲᠦᠭᠡᠨ ᠪᠠᠶᠢᠭᠤᠯᠵᠤ ᠪᠣᠢ᠃ ᠶᠡᠷᠦᠩᠬᠡᠢ ᠪᠡᠯᠡ ᠣᠷᠤᠭᠤᠯᠤᠯᠲᠠ ᠨᠢ 23.3 ᠳ᠋ᠥᠩᠰᠢᠭᠤᠷ ᠲᠥᠭᠦᠷᠢᠭ᠂ ᠰᠢᠨ᠎ᠡ ᠪᠠᠷ ᠨᠡᠮᠡᠭᠳᠡᠭᠰᠡᠨ ᠳᠠᠭᠠᠭᠠᠴᠠ ᠨᠢ 50 ᠲᠥᠮᠡᠨ ᠺᠢᠯᠤᠸᠠᠲ ᠪᠠᠶᠢᠵᠤ᠂ ᠲᠣᠬᠢᠷᠠᠭᠤᠯᠤᠨ ᠪᠠᠶᠢᠭᠤᠯᠬᠤ ᠡᠨᠧᠷᠬᠢ ᠶᠢᠨ ᠬᠡᠪᠴᠢᠶ᠎ᠡ ᠨᠢ 75 ᠲᠦᠮᠡᠨ ᠺᠢᠯᠤᠸᠠᠲ ᠪᠣᠯᠤᠨ᠎ᠠ᠂ ᠡᠭᠦᠨ ᠳᠤ 54 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂ 21 ᠲᠦᠮᠡᠨ ᠺᠢᠯᠤᠸᠠᠲ ᠤᠨ ᠭᠡᠷᠡᠯᠴᠢ ᠴᠡᠨᠡᠭ᠂ 11.3 ᠲᠦᠮᠡᠨ ᠺᠢᠯᠤᠸᠠᠲ / 45.2 ᠲᠦᠮᠡᠨ ᠺᠢᠯᠤᠸᠠᠲ ᠴᠠᠭ ᠤᠨ ᠡᠨᠧᠷᠬᠢ ᠶᠢᠨ ᠨᠥᠬᠡᠴᠡ ᠶᠢ ᠪᠠᠭᠲᠠᠭᠠᠨ᠎ᠠ᠃ 10 ᠳ᠋ᠤᠭᠠᠷ ᠰᠠᠷ᠎ᠠ ᠶᠢᠨ 30 ᠤ ᠡᠳᠦᠷ᠂ ᠲᠤᠰ ᠲᠦᠷᠦᠯ ᠵᠦᠢᠯ ᠤᠨ ᠠᠩᠬᠠᠳᠠᠭᠴᠢ ᠦᠯᠢᠶᠡᠭᠦᠷ ᠮᠠᠰᠢᠨ ᠢ ᠠᠮᠵᠢᠯᠲᠠ ᠲᠠᠢ ᠪᠠᠷ ᠤᠭᠰᠠᠷᠠᠨ ᠳᠡᠭᠦᠵᠢᠯᠡᠭᠰᠡᠨ ᠪᠦᠭᠡᠳ ᠶᠡᠷᠦᠩᠬᠡᠢ ᠮᠠᠰᠢᠨ ᠴᠤᠭᠴᠠᠯᠠᠪᠤᠷᠢ ᠨᠢ 75 ᠲᠦᠮᠡᠨ ᠺᠢᠯᠤᠸᠠᠲ ᠳᠤ ᠬᠦᠷᠴᠡᠢ᠃ ᠲᠦᠷᠦᠯ ᠵᠦᠢᠯ ᠢ ᠪᠠᠶᠢᠭᠤᠯᠵᠤ ᠳᠠᠭᠤᠰᠪᠠᠯ᠂ ᠳᠠᠬᠢᠯᠲᠠ ᠡᠨᠧᠷᠬᠢ ᠪᠠᠷ ᠵᠢᠯ ᠤᠨ ᠴᠠᠬᠢᠯᠭᠠᠨ ᠬᠠᠩᠭᠠᠬᠤ ᠬᠡᠮᠵᠢᠶ᠎ᠡ 13.59 ᠳ᠋ᠥᠩᠰᠢᠭᠤᠷ ᠺᠢᠯᠤᠸᠠᠲ ᠴᠠᠭ ᠲᠤ ᠬᠦᠷᠴᠦ᠂ ᠵᠢᠯ ᠪᠦᠷᠢ ᠪᠠᠷᠢᠮᠵᠢᠶᠠᠲᠤ ᠨᠠᠭᠦᠷᠡᠰᠦ ᠶᠢ 57.22 ᠲᠦᠮᠡᠨ ᠲᠤᠨ ᠠᠷᠪᠢᠯᠠᠬᠤ ᠪᠦᠭᠡᠳ ᠵᠢᠯ ᠪᠦᠷᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 149.9 ᠲᠦᠮᠡᠨ ᠲᠤᠨ᠂ ᠤᠲᠤᠭ᠎ᠠ ᠲᠣᠭᠤᠰᠤ ᠶᠢ 32.6 ᠲᠤᠨ᠂ ᠠᠽᠤᠲ ᠤᠨ ᠢᠰᠦᠮᠡᠭ ᠢ 326.2 ᠲᠤᠨ᠂ ᠬᠦᠬᠦᠷ ᠤᠨ ᠳᠠᠪᠬᠤᠷ ᠢᠰᠦᠯ ᠢ 227.4 ᠲᠤᠨ᠂ ᠴᠢᠨᠳᠠᠷᠤᠤ ᠶᠢ 22.3 ᠲᠦᠮᠡᠨ ᠲᠤᠨ ᠪᠠᠭᠠᠠᠰᠬᠠᠬᠤ ᠪᠣᠯᠤᠨ᠎ᠠ᠃ ︵ ᠲᠥᠩᠯᠢᠶᠤᠤ ᠬᠤᠲᠠ ᠶᠢᠨ ᠠᠷᠠᠳ ᠤᠨ ᠵᠠᠰᠠᠭ ᠤᠨ ᠣᠷᠳᠤᠨ︶
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠨᠠᠶᠢᠲᠠᠯᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号