ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠥᠳᠡᠯᠮᠦᠷᠢ ᠶᠢᠨ ᠭᠡᠷ᠎ᠡ ᠲᠣᠭᠲᠠᠬᠤ᠂ ᠬᠤᠪᠢᠷᠠᠭᠤᠯᠬᠤ᠂ ᠵᠠᠯᠭᠠᠨ ᠲᠣᠭᠲᠠᠭᠠᠬᠤ᠂ ᠬᠦᠴᠦᠨ ᠥᠬᠡᠶ ᠪᠣᠯᠭᠠᠬᠤ ᠵᠡᠷᠭᠡ | ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠠᠷᠳᠠᠨ ᠭᠦᠢᠴᠡᠳᠭᠡᠬᠦ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ᠂ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠯᠧᠺᠲᠷᠣᠨ | ᠬᠥᠳᠡᠯᠮᠦᠷᠢ ᠶᠢᠨ ᠭᠡᠷ᠎ᠡ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠥᠬᠦ ᠣᠷᠣᠨ ᠳᠤ | ᠤᠷᠢᠳᠠᠪᠠᠷ ᠥᠷᠨᠢᠭᠦᠯᠵᠦ᠂ ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠲᠤᠭ᠎ᠠ ᠪᠠᠷᠢᠮᠲᠠ ᠶᠢ ᠠᠵᠢᠯ ᠣᠯᠤᠭᠰᠠᠨ ᠪᠠ | ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠬᠦ᠂ ᠨᠡᠶᠢᠭᠡᠮ ᠤᠨ ᠳᠠᠭᠠᠳᠬᠠᠯ ᠵᠡᠷᠭᠡ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠯᠤᠭ᠎ᠠ ᠬᠠᠮᠲᠤ ᠪᠠᠷ | ᠡᠳ᠋ᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠥᠪᠡᠷ ᠤᠨ ᠥᠷᠲᠡᠭ ᠢ | ᠪᠠᠭᠤᠷᠠᠭᠤᠯᠬᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠠᠷᠠᠳ ᠪᠠ | ᠠᠵᠤ ᠠᠬᠤᠶᠢᠯᠠᠯ ᠳᠤ ᠠᠰᠢᠭ ᠬᠦᠷᠲᠡᠭᠡᠬᠦ ᠬᠤᠷᠳᠤᠴᠠ ᠪᠠᠨ ᠳᠠᠬᠢᠨ ᠲᠦᠷᠭᠡᠳᠬᠡᠬᠦ ᠶᠢ ᠪᠥᠬᠦ ᠲᠠᠯ᠎ᠠ ᠪᠠᠷ ᠠᠬᠢᠭᠤᠯᠪᠠ᠃ | 11 ᠳ᠋ᠦ᠋ᠭᠡᠷ ᠰᠠᠷ᠎ᠠ ᠶᠢᠨ 6 ᠪᠣᠯᠲᠠᠯ᠎ᠠ᠂ ᠪᠥᠬᠦ ᠬᠤᠲᠠ ᠳᠤ ᠨᠢᠭᠡᠨᠲᠡ 122103 ᠬᠤᠪᠢ ᠡᠯᠧᠺᠲᠷᠣᠨ | ᠬᠥᠳᠡᠯᠮᠦᠷᠢ ᠶᠢᠨ ᠭᠡᠷ᠎ᠡ ᠲᠣᠭᠲᠠᠪᠠ᠃ | ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠨᠡᠶᠢᠭᠡᠮ ᠤᠨ ᠮᠡᠳᠡᠷᠡᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ | ᠪᠠ ᠬᠥᠳᠡᠯᠮᠦᠷᠢᠴᠢᠳ ᠤᠨ ᠡᠯᠧᠺᠲᠷᠣᠨ ᠬᠥᠳᠡᠯᠮᠦᠷᠢ ᠶᠢᠨ ᠭᠡᠷ᠎ᠡ ᠲᠣᠭᠲᠠᠬᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠵᠢᠯᠴᠢᠨ ᠬᠡᠷᠡᠭᠯᠡᠬᠦ ᠬᠡᠪᠴᠢᠶ᠎ᠡ ᠪᠠᠷ ᠨᠡᠯᠢᠶᠡᠳ ᠶᠡᠭᠡ ᠠᠵᠤ ᠠᠬᠤᠶᠢᠯᠠᠯ ᠢᠶᠠᠷ | ᠭᠤᠣᠯᠳᠠᠯᠭ᠎ᠠ ᠲᠠᠢ ᠡᠲᠡᠭᠡᠳ ᠪᠣᠯᠭᠠᠵᠤ᠂ ᠬᠡᠪᠴᠢᠶ᠎ᠡ ᠪᠠᠷ ᠨᠡᠯᠢᠶᠡᠳ ᠶᠡᠭᠡ ᠠᠵᠤ ᠠᠬᠤᠶᠢᠯᠠᠯ᠂ ᠬᠥᠳᠡᠯᠮᠦᠷᠢ | ᠦᠢᠯᠡᠴᠢᠯᠡᠭᠡ ᠲᠣᠮᠢᠯᠠᠬᠤ ᠠᠵᠤ ᠠᠬᠤᠶᠢᠯᠠᠯ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠠᠬᠤᠶᠢᠯᠠᠯ ᠢ | 90 ᠰᠣᠩᠭᠤᠨ ᠭᠠᠷᠭᠠᠵᠤ ᠭᠤᠣᠯᠳᠠᠯᠭ᠎ᠠ ᠲᠠᠢ ᠬᠠᠪᠰᠤᠷᠤᠨ ᠵᠢᠯᠣᠭᠤᠳᠬᠤ ᠶᠢᠨ ᠬᠠᠮᠲᠤ ᠤᠲᠠᠰᠤ ᠪᠠᠷ ᠬᠠᠷᠢᠯᠴᠠᠬᠤ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ ᠦᠢᠯᠡᠴᠢᠯᠡᠬᠦ ᠵᠢᠴᠢ ︽ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠰᠢᠭᠤᠳ ᠨᠡᠪᠲᠡᠷᠡᠬᠦ ᠲᠡᠷᠭᠡ︾ ᠬᠡᠮᠡᠬᠦ | ᠷᠠᠳᠢᠣ᠋ ᠫᠷᠤᠭ᠍ᠷᠠᠮ ᠬᠢᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠠᠵᠤ ᠠᠬᠤᠶᠢᠯᠠᠯ ᠪᠠ | ᠬᠥᠳᠡᠯᠮᠦᠷᠢᠴᠢᠳ ᠲᠤ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠤᠬᠠᠭᠤᠯᠤᠨ ᠬᠡᠷᠡᠭᠵᠢᠭᠦᠯᠵᠦ ᠪᠠᠶᠢᠨ᠎ᠠ᠃ | ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠲᠠᠪᠴᠠᠩ ᠳᠤ ᠲᠦᠰᠢᠭᠯᠡᠨ ᠬᠠᠤᠯᠢ ᠶᠣᠰᠣᠭᠠᠷ ᠭᠠᠷ ᠤᠨ ᠥᠰᠥᠭ | ᠵᠢᠷᠤᠭᠰᠠᠨ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠮᠥᠩᠬᠡ ᠰᠤᠪᠠᠭ ᠪᠠ ᠥᠪᠡᠷᠲᠡᠭᠡᠨ ᠵᠠᠰᠠᠬᠤ ᠣᠷᠣᠨ ᠤ | ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠲᠢᠩᠬᠢᠮ ᠤᠨ ᠲᠤᠭ᠎ᠠ ᠪᠠᠷᠢᠮᠲᠠ ᠶᠢ ᠨᠢᠭᠡᠳᠦᠯᠲᠡᠶ ᠰᠣᠯᠢᠯᠴᠠᠬᠤ | ᠲᠠᠪᠴᠠᠩ ᠯᠤᠭ᠎ᠠ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠡᠯᠧᠺᠲᠷᠣᠨ ᠬᠥᠳᠡᠯᠮᠦᠷᠢ ᠶᠢᠨ | ᠭᠡᠷ᠎ᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠳᠤ ᠣᠷᠣᠭᠤᠯᠬᠤ ᠶᠢ | ᠪᠡᠶᠡᠯᠡᠭᠦᠯᠦᠨ᠎ᠡ᠃ |