ᠲᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠱᠸᠡᠭ ᠵᠢᠩ ᠡᠮᠨᠠᠯᠭᠡ ᠶᠢᠨ | ᠬᠤᠷᠢᠶᠠᠨ ᠤ ᠰᠤᠳᠤᠯᠬᠤ ᠪᠦᠯᠭᠦᠮ ᠤᠨ ᠬᠢᠨ ᠰᠤᠳᠤᠯᠤᠨ ᠢᠯᠡᠷᠡᠭᠦᠯᠦᠭᠰᠡᠨ ᠢᠶᠠᠷ᠂ ᠥᠷᠯᠥᠭᠡᠨ ᠤ ᠬᠤᠭᠤᠯᠠ | ᠢᠳᠡᠳᠡᠭ ᠬᠥᠮᠥᠰ ᠲᠠᠢ ᠬᠠᠷᠢᠴᠠᠭᠤᠯᠪᠠᠯ᠂ ᠥᠷᠯᠥᠭᠡᠨ ᠤ ᠬᠤᠭᠤᠯᠠ ᠢᠳᠡᠳᠡᠭ ᠦᠭᠡᠢ ᠬᠥᠮᠥᠰ ᠤᠨ ᠵᠢᠷᠦᠬᠡ | ᠴᠢᠰᠤᠨ ᠰᠤᠳᠠᠯ ᠤᠨ ᠡᠪᠡᠳᠴᠢᠨ ᠪᠠ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ 22% ᠢᠶᠠᠷ | ᠥᠨᠳᠥᠷ ᠪᠠᠶᠢᠳᠠᠭ᠃ | ᠦᠷᠭᠦᠯᠵᠢ ᠥᠷᠯᠥᠭᠡ ᠶᠢᠨ ᠬᠤᠭᠤᠯᠠ ᠢᠳᠡᠬᠦ ᠦᠭᠡᠢ ᠠᠴᠠ ᠪᠣᠯᠵᠤ ᠦᠳᠡ ᠪᠠ ᠣᠷᠣᠢ ᠶᠢᠨ ᠬᠤᠭᠤᠯᠠ ᠶᠢᠨ | ᠳᠤᠷᠠᠰᠢᠯ ᠨᠢ ᠶᠡᠭᠡ ᠪᠠᠷ ᠨᠡᠮᠡᠭᠳᠡᠵᠦ᠂ ᠴᠢᠨᠠᠭᠰᠢᠯᠠᠨ ᠬᠡᠲᠦᠷᠡᠲᠡᠯ᠎ᠡ ᠢᠳᠡᠵᠦ ᠤᠤᠭᠤᠭᠰᠠᠨ ᠠᠴᠠ ᠢᠨᠰᠤᠯᠢᠨ ᠤ | ᠰᠡᠷᠭᠡᠭ ᠴᠢᠨᠠᠷ ᠢ ᠭᠡᠮᠲᠦᠭᠡᠬᠦ ᠪᠤᠶᠤ ᠴᠢᠰᠤᠨ ᠰᠢᠬᠢᠷ ᠤᠨ ᠬᠡᠮᠵᠢᠶᠡᠨ ᠤ ᠲᠣᠬᠢᠷᠠᠭᠤᠯᠤᠯᠲᠠ ᠶᠢ ᠨᠥᠯᠥᠭᠡᠯᠡᠨ᠎ᠡ᠃ | ᠡᠶᠢᠮᠦ ᠠᠴᠠ ᠥᠷᠯᠥᠭᠡᠨ ᠤ ᠬᠤᠭᠤᠯᠠ ᠢᠳᠡᠬᠦ ᠨᠢ ᠡᠷᠡᠭᠦᠯ ᠮᠠᠨᠳᠤ ᠳᠤ ᠠᠰᠢᠭᠲᠠᠢ᠃ 8 ᠴᠠᠭ ᠠᠴᠠ ᠡᠮᠦᠨ᠎ᠡ | ᠥᠷᠯᠥᠭᠡᠨ ᠤ ᠬᠤᠭᠤᠯᠠ ᠪᠠᠨ ᠢᠳᠡᠳᠡᠭ ᠬᠥᠮᠥᠰ ᠲᠠᠢ ᠬᠠᠷᠢᠴᠠᠭᠤᠯᠪᠠᠯ᠂ 9 ᠴᠠᠭ ᠠᠴᠠ ᠬᠤᠶᠢᠰᠢ ᠥᠷᠯᠥᠭᠡᠨ ᠤ | ᠬᠤᠭᠤᠯᠠ ᠪᠠᠨ ᠢᠳᠡᠳᠡᠭ ᠬᠥᠮᠥᠰ ᠤᠨ ᠬᠤᠶᠠᠳᠤᠭᠠᠷ ᠭᠡᠯᠪᠠᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ | ᠲᠦᠭᠰᠢᠭᠦᠷᠢ ᠨᠢ 59% ᠪᠠᠷ ᠨᠡᠮᠡᠭᠳᠡᠳᠡᠭ᠃ ᠥᠷᠯᠥᠭᠡᠨ ᠤ ᠬᠤᠭᠤᠯᠠ ᠢᠳᠡᠬᠦ ᠬᠠᠮᠤᠭ ᠤᠨ ᠲᠣᠬᠢᠷᠠᠮᠵᠢᠲᠠᠢ ᠴᠠᠭ | ᠨᠢ 7 ᠠᠴᠠ 8 ᠴᠠᠭ ᠤᠨ ᠬᠤᠭᠤᠷᠣᠨᠳᠤ ᠪᠣᠯᠣᠨ᠎ᠠ᠃ |