11 ᠳ᠋ᠦ᠋ᠭᠡᠷ ᠰᠠᠷ᠎ᠠ ᠶᠢᠨ 13 ᠳᠤ᠂ ᠰᠤᠷᠪᠤᠯᠵᠢᠯᠠᠭᠴᠢ ᠪᠥᠬᠦ ᠬᠤᠲᠠ ᠶᠢᠨ ︽ᠰᠢᠨᠵᠢᠯᠡᠭᠡ ᠮᠡᠷᠭᠡᠵᠢᠯ ᠤᠨ | ᠰᠢᠪᠲᠤᠯᠤᠯᠲᠠ︾ ᠶᠢᠨ ᠲᠥᠷᠥᠯ ᠵᠦᠢᠯ — ︽ᠡᠷᠳᠡᠨᠢ ᠰᠢᠰᠢ ᠶᠢᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ | ᠵᠢᠴᠢ ᠥᠨᠳᠥᠷ ᠤᠨᠠᠯᠲᠠ ᠲᠠᠢ ᠲᠠᠷᠢᠶᠠᠯᠠᠭ᠎ᠠ ᠪᠤᠶᠢᠵᠢᠭᠤᠯᠬᠤ ᠮᠡᠷᠭᠡᠵᠢᠯ ᠤᠨ ᠲᠥᠪᠯᠡᠷᠡᠯ ᠪᠠ ᠵᠢᠱᠢᠶ᠎ᠡ ᠦᠵᠡᠭᠦᠯᠬᠦ︾ | ᠶᠢ ᠠᠬᠢᠭᠤᠯᠬᠤ ᠡᠬᠢᠯᠡᠯᠲᠡ ᠶᠢᠨ ᠬᠤᠷᠠᠯ ᠠᠴᠠ ᠣᠶᠢᠯᠠᠭᠠᠭᠰᠠᠨ ᠨᠢ᠂ ᠮᠠᠨ ᠤ ᠬᠤᠲᠠ ᠭᠤᠷᠪᠠᠨ ᠵᠢᠯ ᠤᠨ | ᠬᠤᠭᠤᠴᠠᠭ᠎ᠠ ᠶᠢ ᠠᠰᠢᠭᠯᠠᠨ ︽ᠡᠷᠳᠡᠨᠢ ᠰᠢᠰᠢ ᠶᠢᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠢᠴᠢ ᠥᠨᠳᠥᠷ | ᠤᠨᠠᠯᠲᠠ ᠲᠠᠢ ᠲᠠᠷᠢᠶᠠᠯᠠᠭ᠎ᠠ ᠪᠤᠶᠢᠵᠢᠭᠤᠯᠬᠤ ᠮᠡᠷᠭᠡᠵᠢᠯ ᠤᠨ ᠲᠥᠪᠯᠡᠷᠡᠯ ᠪᠠ ᠵᠢᠱᠢᠶ᠎ᠡ ᠦᠵᠡᠭᠦᠯᠬᠦ︾ ᠲᠥᠷᠥᠯ ᠵᠦᠢᠯ ᠢ | ᠬᠡᠷᠡᠭᠵᠢᠭᠦᠯᠬᠦ ᠪᠣᠯᠤᠨ᠎ᠠ᠃ | ᠲᠣᠰ ᠲᠥᠷᠥᠯ ᠵᠦᠢᠯ ᠢ ᠬᠤᠲᠠ ᠶᠢᠨ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠢᠶᠠᠷ ᠲᠦᠷᠦᠭᠦᠯᠡᠭᠦᠯᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠬᠤᠲᠠ ᠶᠢᠨ ᠲᠠᠷᠢᠶᠠᠯᠠᠩ ᠣᠶ ᠰᠢᠭᠤᠶ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠲᠠᠢ ᠬᠠᠮᠵᠢᠯᠴᠠᠵᠤ᠂ ᠠᠮᠢᠳᠤ ᠪᠣᠳᠠᠰ ᠤᠨ ᠡᠭᠦᠯᠳᠡᠷ | ᠪᠤᠶᠢᠵᠢᠭᠤᠯᠬᠤ ᠲᠣᠭᠤᠷᠢᠨ ᠳᠤ ᠡᠯᠡᠰᠦᠷᠬᠡᠭ ᠣᠷᠣᠨ ᠤ ᠲᠠᠷᠢᠶᠠᠨ ᠭᠠᠵᠠᠷ ᠢ ᠠᠷᠠᠴᠢᠯᠠᠨ ᠬᠠᠮᠠᠭᠠᠯᠠᠬᠤ ᠪᠠ ᠡᠷᠳᠡᠨᠢ | ᠰᠢᠰᠢ ᠶᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠳᠠᠷᠢᠵᠤ ᠪᠤᠶᠢᠵᠢᠭᠤᠯᠬᠤ ᠮᠡᠷᠭᠡᠵᠢᠯ ᠤᠨ ᠵᠠᠭᠪᠤᠷ ᠢ | ᠲᠥᠪᠯᠡᠷᠡᠭᠦᠯᠦᠨ ᠰᠢᠨ᠎ᠡ ᠶᠢ ᠡᠭᠦᠳᠬᠦ ᠶᠢᠨ ᠬᠠᠮᠲᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠦᠨ ᠬᠡᠷᠡᠭᠯᠡᠵᠦ᠂ ᠡᠭᠦᠨ ᠤ | ᠤᠯᠠᠮ ᠠᠴᠠ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠢ ᠪᠡᠶᠡᠯᠡᠭᠦᠯᠦᠨ᠎ᠡ᠃ | ᠣᠶᠢᠷ᠎ᠠ ᠶᠢᠨ ᠵᠢᠯ ᠤᠳ ᠲᠤ᠂ ᠬᠤᠲᠠ ᠶᠢᠨ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠨᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠣᠲᠣ ᠦᠶ᠎ᠡ ᠶᠢᠨ | ᠲᠠᠷᠢᠶᠠᠯᠠᠩ ᠤᠨ ᠬᠥᠭᠵᠢᠯᠲᠡ ᠢᠯᠠᠩᠭᠤᠶ᠎ᠠ ᠡᠷᠳᠡᠨᠢ ᠰᠢᠰᠢ ᠶᠢᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠶᠢ | ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠭᠡᠯ ᠣᠯᠤᠭᠰᠠᠨ ᠪᠠᠶᠢᠨ᠎ᠠ᠃ ᠮᠠᠨ ᠤ ᠬᠤᠲᠠ ᠣᠯᠠᠨ ᠵᠢᠯ ᠤᠨ | ᠲᠤᠷᠰᠢ ᠤᠯᠤᠰ ᠤᠨ ᠡᠷᠳᠡᠨᠢ ᠰᠢᠰᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠡᠭᠦᠷᠭᠡ ᠶᠢ | ᠡᠭᠦᠷᠭᠡᠯᠡᠵᠦ᠂ ᠪᠥᠬᠦ ᠤᠯᠤᠰ ᠤᠨ ᠠᠩᠬᠠᠳᠠᠭᠴᠢ ᠡᠷᠳᠡᠨᠢ ᠰᠢᠰᠢ ᠶᠢᠨ ᠮᠦᠽᠧᠶ ᠪᠠ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠡᠷᠳᠡᠨᠢ ᠰᠢᠰᠢ ᠶᠢᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ ᠶᠢᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠭᠤᠯᠵᠤ᠂ ᠳ᠋ᠠᠶ ᠵᠢᠩ ᠷᠦᠢ ᠠᠺᠠᠳᠧᠮᠢᠴᠢ ᠶᠢᠨ ᠪᠦᠯᠬᠦᠮ ᠵᠡᠷᠭᠡ ᠤᠯᠤᠰ ᠤᠨ ᠳᠣᠲᠣᠭᠠᠳᠤ ᠶᠢᠨ | ᠠᠵᠢᠯ ᠲᠥᠷᠥᠯ ᠤᠨ ᠣᠷᠦ᠋ᠢᠯᠠᠭᠰᠠᠨ ᠪᠦᠯᠬᠦᠮ ᠤᠨ ᠳᠡᠮᠵᠢᠯᠭᠡ ᠳᠣᠤᠷ᠎ᠠ᠂ ᠡᠷᠳᠡᠨᠢ ᠰᠢᠰᠢ ᠶᠢᠨ ᠦᠷ᠎ᠡ ᠶᠢᠨ | ᠰᠢᠨ᠎ᠡ ᠶᠢ ᠡᠭᠦᠳᠬᠦ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠮᠠᠨ ᠤ ᠬᠤᠲᠠ | ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢᠨ ᠠᠵᠤ ᠦᠢᠯᠡᠰ ᠤᠨ ᠬᠥᠭᠵᠢᠯᠲᠡ ᠳᠤ ᠬᠤᠪᠢ | ᠨᠡᠮᠡᠷᠢ ᠦᠵᠡᠭᠦᠯᠪᠡ᠃ | |