ᠪᠠᠭ᠎ᠠ ᠴᠠᠰᠤ ᠪᠣᠯ ᠬᠤᠷᠢᠨ ᠳᠥᠷᠪᠡᠨ ᠤᠯᠠᠷᠢᠯ ᠳᠠᠬᠢ ᠬᠤᠷᠢᠳᠤᠭᠠᠷ ᠴᠠᠭ ᠤᠯᠠᠷᠢᠯ ᠮᠦᠨᠴᠦ ᠡᠪᠦᠯ ᠤᠨ | ᠤᠯᠠᠷᠢᠯ ᠤᠨ ᠬᠤᠶᠠᠳᠤᠭᠠᠷ ᠴᠠᠭ ᠤᠯᠠᠷᠢᠯ ᠪᠣᠯᠤᠨ᠎ᠠ᠂ ᠪᠠᠭ᠎ᠠ ᠴᠠᠰᠤ ᠪᠣᠯᠤᠭᠰᠠᠨ ᠤ ᠳᠠᠷᠠᠭ᠎ᠠ ᠠᠭᠤᠷ ᠠᠮᠢᠰᠬᠤᠯ | ᠤᠯᠠᠮ ᠢᠶᠠᠷ ᠬᠦᠢᠲᠡᠷᠡᠵᠦ᠂ ᠴᠠᠰᠤ ᠲᠠᠢ ᠴᠠᠭ ᠠᠭᠤᠷ ᠤᠯᠠᠰᠢᠷᠠᠨ᠎ᠠ᠃ | ᠲᠡᠭᠡᠪᠡᠯ ᠪᠠᠭ᠎ᠠ ᠴᠠᠰᠤ ᠪᠣᠯᠤᠭᠰᠠᠨ ᠤ ᠳᠠᠷᠠᠭ᠎ᠠ ᠪᠡᠶ᠎ᠡ ᠰᠤᠪᠢᠯᠠᠬᠤ ᠲᠠᠯ᠎ᠠ ᠪᠠᠷ ᠶᠠᠭᠤ ᠶᠢ ᠠᠩᠬᠠᠷᠬᠤ ᠴᠢᠬᠤᠯᠠᠲᠠᠢ | ᠪᠣᠢ︖ | ① ᠪᠠᠭ᠎ᠠ ᠴᠠᠰᠤ ᠪᠣᠯᠤᠭᠰᠠᠨ ᠤ ᠳᠠᠷᠠᠭ᠎ᠠ ᠣᠷᠤᠢ ᠳᠠᠭᠠᠨ ᠡᠷᠲᠡ ᠤᠨᠲᠠᠵᠤ ᠥᠷᠯᠦᠭᠡ ᠳᠡᠭᠡᠨ ᠣᠷᠤᠢ ᠰᠢᠭ᠋ | ᠪᠣᠰᠪᠠᠯ ᠰᠠᠶᠢᠨ᠃ ᠢᠯᠠᠩᠭᠤᠶ᠎ᠠ ᠨᠠᠰᠤᠲᠠᠶᠢᠴᠤᠳ ᠨᠠᠷᠠ ᠮᠠᠨᠳᠤᠵᠤ ᠠᠷᠭ᠎ᠠ ᠬᠡᠢ ᠬᠡᠦᠳᠡᠶᠢᠯᠡᠬᠦ ᠦᠶ᠎ᠡ ᠪᠠᠷ ᠪᠣᠰᠪᠠᠯ | ᠰᠠᠶᠢᠨ᠂ ᠢᠩᠭᠢᠪᠡᠯ ᠰᠠᠶ᠋ᠢ ᠭᠦᠢᠴᠡᠳ ᠤᠨᠲᠠᠯᠠᠭ᠎ᠠ ᠶᠢ ᠪᠠᠲᠤᠯᠠᠵᠤ᠂ ᠠᠷᠭ᠎ᠠ ᠬᠡᠢ ᠶᠢ ᠬᠠᠮᠠᠭᠠᠯᠠᠬᠤ ᠳᠤ ᠠᠰᠢᠭᠲᠠᠢ | ᠪᠠᠶᠢᠳᠠᠭ᠃ | ② ᠳᠤᠯᠠᠭᠠᠯᠠᠭ᠎ᠠ ᠶᠢ ᠠᠩᠬᠠᠷᠬᠤ ᠬᠡᠷᠡᠭᠲᠡᠢ᠃ ᠪᠠᠭ᠎ᠠ ᠴᠠᠰᠤᠨ ᠤ ᠴᠠᠭ ᠠᠭᠤᠷ ᠨᠢ ᠬᠡᠳᠦᠶᠢᠪᠡᠷ ᠬᠠᠬᠢᠷ | ᠡᠪᠦᠯ ᠤᠨ ᠬᠡᠮᠵᠢᠶᠡᠨ ᠳᠤ ᠬᠦᠷᠦᠭᠡᠳᠦᠢ ᠪᠣᠯᠪᠠᠴᠤ᠂ ᠳᠤᠯᠠᠭᠠᠯᠠᠭ᠎ᠠ ᠶᠢ ᠰᠠᠶᠢᠲᠤᠷ ᠬᠢᠵᠦ ᠵᠢᠩᠭᠢᠨᠡᠵᠦ ᠳᠠᠭᠠᠷᠠᠬᠤ ᠠᠴᠠ | ᠰᠡᠷᠭᠡᠶᠢᠯᠡᠬᠦ ᠬᠡᠷᠡᠭᠲᠡᠢ᠃ ᠢᠯᠠᠩᠭᠤᠶ᠎ᠠ ᠲᠣᠯᠤᠭᠠᠢ ᠬᠦᠵᠦᠭᠦᠦ ᠪᠠᠨ ᠵᠢᠩᠭᠢᠨᠡᠭᠦᠯᠬᠦ ᠠᠴᠠ ᠬᠢᠴᠢᠶᠡᠵᠦ ᠭᠠᠳᠠᠭᠰᠢ | ᠭᠠᠷᠬᠤ ᠳᠠᠭᠠᠨ ᠮᠠᠯᠠᠭᠠᠢ ᠪᠣᠶᠤ ᠠᠯᠴᠢᠭᠤᠷ ᠵᠡᠭᠦᠵᠦ ᠠᠷᠭ᠎ᠠ ᠬᠡᠢ ᠪᠠᠨ ᠬᠠᠮᠠᠭᠠᠯᠠᠪᠠᠯ ᠵᠣᠬᠢᠨ᠎ᠠ᠃ | ③ᠲᠣᠬᠢᠷᠠᠮᠵᠢᠲᠠᠢ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠣᠷᠤᠯᠴᠠᠪᠠᠯ ᠵᠣᠬᠢᠨ᠎ᠠ᠃ ᠪᠠᠭ᠎ᠠ ᠴᠠᠰᠤᠨ ᠤ ᠴᠠᠭ | ᠤᠯᠠᠷᠢᠯ ᠤᠨ ᠳᠠᠷᠠᠭ᠎ᠠ ᠠᠭᠤᠷ ᠠᠮᠢᠰᠬᠤᠯ ᠬᠡᠳᠦᠶᠢᠪᠡᠷ ᠬᠦᠢᠲᠡᠷᠡᠵᠦ ᠡᠬᠢᠯᠡᠬᠦ ᠪᠣᠯᠪᠠᠴᠤ᠂ ᠭᠡᠷ ᠭᠠᠳᠠᠨ᠎ᠠ ᠪᠡᠶ᠎ᠡ ᠶᠢᠨ | ᠲᠠᠮᠢᠷ ᠤᠨ ᠬᠦᠳᠡᠯᠭᠡᠭᠡᠨ ᠬᠢᠪᠡᠯ ᠡᠭᠡᠯᠢᠯᠡᠭᠡ ᠶᠢᠨ ᠴᠢᠳᠠᠪᠤᠷᠢ ᠪᠠ ᠬᠦᠢᠲᠡᠨ ᠢ ᠳᠠᠭᠠᠭᠠᠬᠤ ᠴᠢᠳᠠᠪᠤᠷᠢ ᠶᠢ | ᠴᠢᠩᠭᠠᠷᠠᠭᠤᠯᠬᠤ ᠳᠤ ᠰᠠᠶᠢᠨ ᠪᠠᠶᠢᠳᠠᠭ᠃ ᠡᠭᠦᠨ ᠳᠤ ᠥᠪᠡᠷ ᠤᠨ ᠪᠡᠶ᠎ᠡ ᠶᠢᠨ ᠪᠠᠶᠢᠳᠠᠯ ᠳᠠᠭᠠᠨ ᠲᠣᠬᠢᠷᠠᠭᠰᠠᠨ | ᠬᠦᠳᠡᠯᠭᠡᠭᠡᠨ ᠢ ᠰᠤᠩᠭᠤᠵᠤ᠂ ᠠᠯᠬᠤᠮ ᠳᠠᠷᠠᠭ᠎ᠠ ᠲᠠᠢ ᠪᠠᠷ ᠬᠢᠬᠦ ᠬᠡᠷᠡᠭᠲᠡᠢ᠃ ᠵᠢᠷᠦᠬᠡ ᠲᠠᠷᠢᠬᠢᠨ ᠤ ᠴᠢᠰᠤᠨ | ᠰᠣᠳᠠᠯ ᠤᠨ ᠡᠪᠡᠳᠴᠢᠨ ᠲᠠᠢ ᠬᠦᠮᠦᠨ ᠪᠥᠮᠪᠦᠭᠡ ᠨᠠᠭᠠᠳᠬᠤ᠂ ᠠᠭᠤᠯᠠ ᠠᠪᠠᠷᠢᠬᠤ ᠵᠡᠷᠭᠡ ᠰᠢᠷᠦᠭᠦᠨ ᠬᠦᠳᠡᠯᠭᠡᠭᠡᠨ | ᠬᠢᠬᠦ ᠠᠴᠠ ᠵᠠᠶᠢᠯᠠᠰᠬᠢᠪᠠᠯ ᠵᠣᠬᠢᠨ᠎ᠠ︔ ᠠᠮᠢᠰᠬᠤᠯ ᠤᠨ ᠰᠢᠰᠲ᠋ᠧᠮ ᠤᠨ ᠡᠪᠡᠳᠴᠢᠨ ᠲᠠᠢ ᠬᠦᠮᠦᠰ ᠪᠠ ᠠᠭᠤᠰᠬᠢ | ᠵᠢᠷᠦᠬᠡᠨ ᠤ ᠡᠪᠡᠳᠴᠢᠨ ᠲᠠᠢ ᠬᠦᠮᠦᠰ ᠬᠦᠳᠡᠯᠭᠡᠭᠡᠨ ᠬᠢᠬᠦ ᠳᠤ ᠪᠠᠨ ᠨᠠᠷᠠᠨ ᠤ ᠳᠤᠰᠤᠯᠲᠠ ᠭᠦᠢᠴᠡᠳ ᠦᠶ᠎ᠡ ᠶᠢ | ᠰᠤᠩᠭᠤᠪᠠᠯ ᠵᠣᠬᠢᠨ᠎ᠠ᠃ |