11 ᠰᠠᠷ᠎ᠠ ᠶᠢᠨ 21 ᠤ ᠡᠳᠦᠷ᠂ ᠬᠤᠰᠢᠭᠤᠨ ᠤ ᠤᠯᠠᠭᠠᠨᠮᠥ᠋ᠴᠢᠷ ᠤᠨ 2024 ᠣᠨ ᠤ ᠦᠨᠳᠦᠰᠦᠨ | ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠰᠢᠭᠤᠨ ᠤ ᠰᠤᠷᠲᠠᠯ ᠤᠬᠠᠭᠤᠯᠭ᠎ᠠ | ᠰᠣᠶᠣᠯ ᠤᠨ ᠲᠥᠪ ᠤᠨ ᠣᠯᠠᠨ ᠴᠢᠳᠠᠪᠬᠢᠲᠤ ᠲᠢᠩᠬᠢᠮ ᠳᠤ ᠶᠠᠪᠤᠭᠳᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ | ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ︽ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠶ᠎ᠠ︾ ᠭᠡᠬᠦ ᠭᠤᠣᠯ ᠰᠡᠳᠦᠪ ᠢᠶᠠᠷ ᠠᠬᠤᠢ ᠲᠠᠯᠠᠪᠠᠢ ᠶᠢᠨ | ᠦᠵᠡᠭᠴᠢᠳ ᠲᠤ ᠳᠠᠭᠤᠤ ︽ᠰᠡᠳᠬᠢᠯ ᠤᠨ ᠬᠦᠷᠢᠶ᠎ᠡ︾᠂ ᠡᠮᠡᠭᠲᠡᠢ ᠶᠢᠨ ᠭᠤᠴᠣᠯᠠᠯ ᠳᠠᠭᠤᠤ ︽ᠰᠠᠭᠠᠭ ᠤᠨ ᠴᠡᠴᠡᠭ | ᠳᠡᠯᠭᠡᠷᠡᠭᠰᠡᠨ ᠨᠢ︾᠂ ᠡᠷᠡᠭᠲᠡᠢ ᠡᠮᠡᠭᠲᠡᠢ ᠶᠢᠨ ᠬᠠᠮᠲᠤ ᠶᠢᠨ ᠪᠥᠵᠢᠭ ︽ᠠᠮᠲᠠᠲᠤ ᠾᠧᠯᠧ︾᠂ ᠡᠷᠡᠭᠲᠡᠢ ᠶᠢᠨ | ᠭᠤᠴᠣᠯᠠᠯ ᠳᠠᠭᠤᠤ ︽ᠨᠡᠭᠦᠳᠡᠯ ᠤᠨ ᠰᠢᠪᠠᠭᠤ︾ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ | ᠰᠠᠶᠢᠬᠠᠨ ᠤ ᠲᠣᠭᠯᠠᠯᠲᠠ ᠠᠪᠴᠢᠷᠠᠵᠤ᠂ ᠲᠣᠭᠯᠠᠯᠲᠠ ᠶᠢᠨ ᠠᠬᠤᠢ ᠲᠠᠯᠠᠪᠠᠢ ᠳᠤ ᠬᠦᠷ ᠬᠥᠭᠵᠢᠶᠡᠨ ᠲᠠᠢ᠂ ᠭᠤᠶᠢᠳᠠ | ᠰᠠᠶᠢᠬᠠᠨ ᠪᠠᠶᠢᠯ᠎ᠠ᠃ | 2024 ᠣᠨ ᠤ ︽ᠪᠠᠶᠠᠷ ᠪᠠᠶᠠᠰᠤᠯ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ | ᠠᠵᠢᠯᠯᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ | ᠭᠡᠰᠢᠭᠦᠳ ᠲᠤ ︽ᠬᠠᠷᠢᠭᠤ ᠵᠠᠬᠢᠳᠠᠯ︾ ᠢᠯᠡᠭᠡᠭᠰᠡᠨ ᠲᠤᠯᠤᠭᠠᠨ ᠵᠢᠯ ᠤᠨ ᠤᠢ ᠶᠢ ᠳᠤᠷᠠᠰᠬᠠᠵᠤ ᠪᠠᠶᠢᠭ᠎ᠠ ᠴᠢᠬᠤᠯᠠ | ᠠᠵᠢᠯᠯᠠᠭ᠎ᠠ ᠮᠥᠨ᠂ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠤᠯᠠᠨ ᠲᠦᠮᠡᠨ ᠳᠤ ︽ᠪᠠᠶᠠᠷ ᠪᠠᠶᠠᠰᠤᠯ | ᠪᠣᠯᠪᠠᠰᠤᠨ ᠢ ᠬᠦᠷᠭᠡᠬᠦ︾᠂ ᠨᠠᠮ ᠤᠨ ᠲᠠᠭᠤᠨ ᠢ ᠳᠠᠮᠵᠢᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠬᠦᠷᠭᠡᠬᠦ ᠶᠠᠪᠤᠳᠠᠯ | ᠪᠣᠯᠤᠨ᠎ᠠ᠃ | | | |