11 ᠳ᠋ᠦ᠋ᠭᠡᠷ ᠰᠠᠷ᠎ᠠ ᠶᠢᠨ 15 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ | ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ | ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠲᠤᠭ᠎ᠠ ᠪᠦᠷᠢᠳᠬᠡᠯ ᠤᠨ ᠬᠠᠤᠯᠢ︾ ᠶᠢ ᠬᠡᠷᠡᠭᠵᠢᠭᠦᠯᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠢᠳᠡᠪᠬᠢᠲᠡᠶ ᠪᠣᠶ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠲᠤᠭ᠎ᠠ ᠪᠦᠷᠢᠳᠬᠡᠯ ᠤᠨ ᠠᠵᠢᠯ ᠤᠨ | ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠪᠠᠲᠤ ᠪᠠᠬᠢ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠠᠵᠤ ᠠᠬᠤᠢ ᠶᠢᠨ ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠡᠩ ᠤᠨ ᠠᠵᠢᠯ ᠪᠠ | ᠥᠭᠡᠷᠡᠴᠢᠯᠡᠯᠲᠡ ᠶᠢᠨ ᠠᠵᠢᠯ᠂ ᠲᠥᠰᠦᠯ ᠲᠣᠭᠲᠠᠭᠠᠬᠤ ᠪᠠ ᠡᠭᠦᠷᠭᠡ ᠶᠢ ᠨᠠᠶᠢᠳᠠᠪᠤᠷᠢᠵᠢᠭᠤᠯᠬᠤ᠂ ᠣᠬᠤᠷ | ᠬᠤᠭᠤᠴᠠᠭᠠᠨ ᠤ ᠡᠭᠦᠷᠭᠡ ᠪᠠ ᠤᠷᠳᠤ ᠬᠤᠭᠤᠴᠠᠭᠠᠨ ᠤ ᠡᠭᠦᠷᠭᠡ ᠶᠢᠨ ᠬᠤᠭᠤᠷᠣᠨᠳᠣᠬᠢ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ | ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠡᠭᠦᠷᠭᠡ ᠪᠠᠨ ᠰᠠᠶᠢᠲᠤᠷ ᠪᠡᠶᠡᠯᠡᠭᠦᠯᠬᠦ᠂ ᠠᠰᠠᠭᠤᠳᠠᠯ ᠢ | ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠤᠬᠠᠮᠰᠠᠷ ᠢ ᠪᠠᠲᠤ ᠪᠤᠢ ᠪᠣᠯᠭᠠᠵᠤ᠂ ᠥᠭᠡᠷᠡᠴᠢᠯᠡᠯᠲᠡ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠦᠨᠡᠨ ᠬᠦ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ | ᠦᠢᠯᠡᠳᠦᠯᠭᠡ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ | ᠪᠣᠯᠪᠠᠰᠤᠷᠠᠭᠤᠯᠵᠤ᠂ ᠲᠦᠩᠯᠢᠶᠣᠤ ᠶᠢᠨ ᠣᠨᠴᠠᠯᠢᠭ ᠲᠠᠢ ᠥᠭᠡᠷᠡᠴᠢᠯᠡᠯᠲᠡ ᠶᠢᠨ ᠱᠣᠰᠢᠭ᠎ᠠ ᠶᠢ ᠡᠭᠦᠳᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠠᠵᠢᠯ ᠤᠨ ᠲᠥᠰᠦᠯ ᠢ ᠰᠤᠳᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠬᠥᠭᠵᠢᠯᠲᠡ ᠶᠢᠨ ᠰᠢᠨ᠎ᠡ ᠪᠠᠶᠢᠳᠠᠯ ᠳᠤ ᠢᠳᠡᠪᠬᠢᠲᠡᠶ ᠵᠣᠬᠢᠴᠠᠵᠤ᠂ ᠪᠣᠳᠠᠲᠠᠶ ᠳᠤ ᠰᠠᠭᠤᠷᠢᠯᠠᠨ᠂ | ᠬᠠᠷᠠᠯᠲᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠣᠪᠴᠢᠲᠠᠶ ᠬᠦᠴᠦᠯᠡᠨ᠂ ᠲᠦᠩᠯᠢᠶᠣᠤ ᠶᠢᠨ | ᠪᠣᠳᠠᠲᠠᠶ ᠳᠤ ᠨᠡᠶᠢᠴᠡᠭᠰᠡᠨ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ | ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠦᠯ ᠢ ᠬᠢᠨᠠᠨ ᠵᠥᠪᠯᠡᠵᠦ ᠪᠠᠲᠤᠯᠠᠭᠠᠳ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠲᠥᠰᠦᠯ ᠤᠨ ᠨᠠᠶᠢᠳᠠᠪᠤᠷᠢᠵᠢᠭᠤᠯᠤᠯᠲᠠ ᠶᠢ | ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠭᠠᠷ ᠤᠨ ᠴᠡᠪᠡᠷᠴᠡ ᠶᠢ ᠪᠠᠲᠤᠯᠠᠬᠤ ᠠᠵᠢᠯᠯᠠᠭᠠᠨ ᠢ ᠦᠷᠭᠦᠯᠵᠢᠯᠡᠨ | ᠭᠦᠨᠵᠡᠭᠡᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ |