ᠤᠢᠢᠷ᠎ᠠ ᠶᠢᠨ ᠵᠢᠯ ᠠᠴᠠ᠂ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠢᠯ ᠪᠦᠷᠢ ᠨᠡᠶᠢᠭᠡᠮ | ᠨᠡᠶᠢᠲᠡ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠢᠯᠡ ᠪᠠᠷ ᠴᠤᠭᠯᠠᠭᠤᠯᠵᠤ᠂ | ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ | ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠢᠶᠠᠷ | ᠴᠤᠤᠷᠢᠶᠠᠲᠤᠨ ᠳᠠᠭᠠᠬᠤ ᠪᠠ ᠭᠦᠢᠴᠡᠳ ᠳᠡᠮᠵᠢᠯᠭᠡ ᠶᠢ ᠣᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠤᠨ ᠰᠠᠨᠠᠭ᠎ᠠ ᠶᠢ ᠬᠦᠨᠳᠦᠳᠬᠡᠬᠦ᠂ ᠬᠡᠷᠡᠭᠴᠡᠭᠡ ᠶᠢ | ᠠᠷᠠᠳ ᠠᠴᠠ ᠠᠰᠠᠭᠤᠬᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ | ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ | ᠴᠤᠭᠯᠠᠭᠤᠯᠬᠤ ᠪᠠᠷ ᠲᠣᠭᠲᠠᠪᠠ᠃ ᠡᠳᠦᠭᠡ ᠳᠣᠤᠷᠠᠬᠢ ᠮᠡᠲᠦ ᠵᠠᠷᠯᠠᠶ᠎ᠠ᠄ | ᠨᠢᠭᠡ᠂ ᠴᠤᠭᠯᠠᠭᠤᠯᠬᠤ ᠴᠠᠭ | ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠃ | ᠬᠤᠶᠠᠷ᠂ ᠴᠤᠭᠯᠠᠭᠤᠯᠬᠤ ᠠᠭᠤᠯᠭ᠎ᠠ | ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠲᠦᠮᠡᠨ ᠤ ᠬᠠᠯᠠᠮᠵᠢᠯᠠᠨ | ᠠᠩᠬᠠᠷᠴᠤ ᠪᠠᠶᠢᠭ᠎ᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ | ᠪᠠᠲᠤᠯᠠᠭ᠎ᠠ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ | ᠪᠡᠶ᠎ᠡ ᠶᠢᠨ ᠲᠠᠮᠢᠷ᠂ ᠬᠤᠲᠠ ᠶᠢᠨ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠬᠡᠤᠬᠡᠳ ᠪᠤᠶᠢᠵᠢᠭᠤᠯᠬᠤ | ᠨᠠᠰᠤᠲᠠᠨ ᠤ ᠠᠰᠠᠷᠠᠮᠵᠢ᠂ ᠠᠮᠢ ᠠᠬᠤᠶ ᠶᠢᠨ ᠣᠷᠴᠢᠨ ᠲᠣᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ ᠠᠮᠤᠷ | ᠲᠦᠪᠰᠢᠨ ᠵᠢᠴᠢ ᠰᠠᠭᠤᠭᠠᠯᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠤᠰᠤᠳ | ᠵᠦᠢᠯᠡᠰ ᠢ ᠪᠠᠭᠲᠠᠭᠠᠨ᠎ᠠ᠃ | ᠭᠤᠷᠪᠠ᠂ ᠴᠤᠭᠯᠠᠭᠤᠯᠬᠤ ᠠᠷᠭ᠎ᠠ ᠮᠠᠶ᠋ᠢᠭ | ᠰᠠᠨᠠᠭᠤᠯᠭ᠎ᠠ ᠪᠠᠨ zfb327llb@163.com ᠰᠢᠤᠳᠠᠨ ᠬᠠᠢᠷᠴᠠᠭ ᠲᠤ ᠶᠠᠪᠤᠭᠤᠯᠬᠤ ᠪᠤᠶᠤ 0475 | - 4777098 ᠳᠤ ᠤᠲᠠᠰᠤ ᠠᠪᠴᠤ ᠬᠠᠷᠢᠭᠤ ᠳᠤᠰᠬᠠᠭᠠᠷᠠᠢ᠃ | ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠨ᠎ᠠ᠃ ᠪᠢᠳᠡ ᠴᠤᠭᠯᠠᠭᠤᠯᠤᠭᠰᠠᠨ ᠰᠠᠨᠠᠭᠤᠯᠭ᠎ᠠ ᠶᠢ | ᠬᠤᠷᠢᠶᠠᠩᠭᠤᠶᠢᠯᠠᠵᠤ᠂ ᠵᠢᠱᠢᠭᠳᠡᠭᠴᠢ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠡᠮᠬᠢᠯᠡᠨ ᠰᠤᠳᠤᠯᠵᠤ᠂ ᠨᠠᠷᠢᠨ | ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠶ | ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳ ᠤᠨ | ᠠᠮᠢᠳᠤᠷᠠᠯ ᠤᠨ ᠦᠢᠯᠡᠰ ᠤᠨ ᠪᠦᠲᠦᠮᠵᠢᠲᠡᠶ ᠰᠠᠶᠢᠵᠢᠷᠠᠯᠲᠠ ᠶᠢ ᠨᠠᠩ ᠰᠠᠶᠢᠲᠤᠷ ᠠᠬᠢᠭᠤᠯᠤᠨ᠎ᠠ᠃ | ᠠᠳᠡ ᠵᠠᠷᠯᠠᠪᠠ | | | ᠳᠠᠭᠠᠯᠳᠤᠭᠤᠯᠤᠯ᠄ ᠬᠦᠷᠢᠶ᠎ᠡ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ ︵ᠡᠨᠳᠡ ᠲᠤᠪᠴᠢᠳᠠᠭᠠᠷᠠᠢ | ︶ |