ᠪᠥᠬᠦ ᠬᠤᠰᠢᠭᠤᠨ ᠤ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠲᠤᠭᠲᠠᠮᠠᠯ ᠬᠤᠷᠠᠯ ᠵᠢᠴᠢ ᠡᠨᠡ ᠡᠪᠦᠯ ᠢᠷᠡᠬᠦ ᠬᠠᠪᠤᠷ ᠤᠨ ᠬᠦᠨᠳᠦ ᠶᠡᠭᠡ ᠠᠳᠡᠯ ᠭᠠᠮᠰᠢᠭ ᠤᠨ ᠳᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/26
    11 ᠰᠠᠷ᠎ᠠ ᠶᠢᠨ 25 ᠤ ᠡᠳᠦᠷ᠂ ᠪᠥᠬᠦ ᠬᠤᠰᠢᠭᠤᠨ ᠤ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠲᠤᠭᠲᠠᠮᠠᠯ ᠬᠤᠷᠠᠯ ᠵᠢᠴᠢ ᠡᠨᠡ ᠡᠪᠦᠯ ᠢᠷᠡᠬᠦ ᠬᠠᠪᠤᠷ ᠤᠨ ᠬᠦᠨᠳᠦ ᠶᠡᠭᠡ ᠠᠳᠡᠯ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠰᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠪᠣᠳᠠᠲᠠᠢ ᠠᠳᠬᠤᠵᠤ᠂ ︽ᠴᠠᠭ ᠢᠮᠠᠭᠲᠠ ᠰᠡᠳᠭᠢᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠤᠷᠢᠳᠠᠪᠠᠷ ᠪᠣᠳᠣᠯᠬᠢᠯᠠᠵᠤ᠂ ᠳᠤᠲᠠᠭᠳᠠᠯ ᠢ ᠤᠷᠢᠳᠠᠪᠠᠷ ᠨᠥᠬᠦᠪᠥᠷᠢᠯᠡᠨ᠂ ᠠᠵᠢᠯ ᠢᠶᠠᠨ ᠤᠷᠢᠳᠠᠪᠠᠷ ᠬᠢᠬᠦ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠨᠢᠭᠡ ᠤᠳᠠᠭᠠᠨ ᠤ ᠶᠡᠭᠡ ᠪᠠᠶᠢᠴᠠᠭᠠᠯᠲᠠ᠂ ᠲᠦᠢᠯᠪᠦᠷᠢᠲᠡᠢ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠬᠢᠵᠦ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠬᠦᠨᠳᠦ ᠶᠡᠭᠡ ᠠᠳᠡᠯ ᠤᠨ ᠠᠮᠤᠷ ᠲᠦᠪᠰᠢᠨ ᠤ ᠳᠠᠯᠳᠠ ᠭᠡᠮ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠨᠡ ᠡᠪᠦᠯ ᠢᠷᠡᠬᠦ ᠬᠠᠪᠤᠷ ᠤᠨ ᠬᠦᠨᠳᠦ ᠶᠡᠭᠡ ᠠᠳᠡᠯ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠡᠢ᠃    ᠬᠤᠷᠠᠯ ᠳᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠷᠢᠶ᠎ᠡ ᠪᠠᠯᠭᠠᠰᠤ᠂ ᠺᠸᠦ ᠾᠧᠽᠢ ᠪᠠᠯᠭᠠᠰᠤᠨ ᠤ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠶᠡᠷᠦᠩᠬᠡᠶ ᠪᠠᠶᠢᠳᠠᠯ ᠪᠠ ᠡᠨᠡ ᠡᠪᠦᠯ ᠢᠷᠡᠬᠦ ᠬᠠᠪᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠮᠡᠳᠡᠭᠳᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号