ᠬᠦᠷᠢᠶ᠎ᠡ ᠬᠤᠰᠢᠭᠤᠨ ᠤ ᠣᠷᠣᠨ ᠨᠤᠲᠤᠭ ᠤᠨ ᠵᠠᠮ ᠠᠷᠠᠴᠢᠯᠠᠨ ᠬᠠᠮᠠᠭᠠᠯᠠᠬᠤ ᠲᠥᠪ ᠣᠶᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠬᠦᠯᠳᠡᠭᠦᠦ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2024/11/26
    ᠤᠶᠢᠷ᠎ᠡ ᠶᠢᠨ ᠬᠤᠭᠤᠴᠠᠭᠠᠨ ᠤ ᠪᠣᠷᠤᠭᠠᠨ ᠴᠠᠰᠤ ᠬᠦᠯᠳᠡᠭᠦᠦ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠬᠦᠷᠢᠶ᠎ᠡ ᠬᠤᠰᠢᠭᠤᠨ ᠤ ᠣᠷᠣᠨ ᠨᠤᠲᠤᠭ ᠤᠨ ᠵᠠᠮ ᠠᠷᠠᠴᠢᠯᠠᠨ ᠬᠠᠮᠠᠭᠠᠯᠠᠬᠤ ᠲᠥᠪ ᠦᠳᠲᠡᠷ ᠲᠦᠷᠭᠡᠨ ᠲᠤᠰᠬᠠᠯ ᠭᠠᠷᠭᠠᠵᠤ᠂ ᠤᠷᠢᠳᠴᠢᠯᠠᠨ ᠪᠠᠶᠢᠷᠢᠯᠠᠭᠤᠯᠵᠤ᠂ ᠡᠪᠦᠯ ᠤᠨ ᠤᠯᠠᠷᠢᠯ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠪᠠ ᠲᠡᠷᠭᠡ ᠬᠦᠰᠭᠡ ᠶᠢᠨ ᠠᠮᠤᠷ ᠲᠥᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠵᠤ ᠪᠠᠶᠢᠨ᠎ᠠ᠃    ᠨᠢᠭᠡ ᠳᠤ᠂ ᠤᠷᠢᠳᠴᠢᠯᠠᠨ ᠲᠣᠬᠢᠷᠠᠭᠤᠯᠵᠤ᠂ ᠨᠠᠷᠢᠨ ᠨᠢᠮᠪᠠᠶ ᠪᠠᠶᠢᠷᠢᠯᠠᠭᠤᠯᠪᠠ᠃ ᠣᠶᠢᠷ᠎ᠠ ᠶᠢᠨ ᠵᠢᠯ ᠤᠨ ᠲᠤᠷᠰᠢ ᠬᠠᠮᠢᠶᠠᠷᠴᠤ ᠠᠷᠠᠴᠢᠯᠠᠬᠤ ᠬᠠᠷᠢᠶ᠎ᠠ ᠣᠷᠣᠨ ᠤ ᠮᠥᠰᠥ ᠪᠣᠷᠤᠭᠠᠨ ᠴᠠᠰᠤ ᠵᠡᠷᠭᠡ ᠮᠠᠭᠤ ᠴᠠᠭ ᠠᠭᠤᠷ ᠤᠨ ᠨᠥᠯᠥᠭᠡᠯᠡᠬᠦ ᠵᠢᠮ᠎ᠡ ᠶᠣᠰᠣ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠰᠬᠠᠶ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ︽ᠣᠶᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠮᠦᠰᠦ ᠶᠢᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠴᠠᠰᠤ ᠬᠠᠶᠢᠯᠠᠭᠤᠯᠬᠤ ᠡᠳ᠋ ᠵᠢᠴᠢ ᠬᠠᠯᠲᠤᠷᠢᠭ᠎ᠠ ᠶᠢ ᠰᠡᠷᠭᠡᠶᠢᠯᠡᠬᠦ ᠮᠠᠲ᠋ᠧᠷᠢᠶᠠᠯ ᠢ ᠨᠥᠭᠡᠴᠡᠯᠡᠬᠦ᠂ ᠴᠠᠰᠤ ᠠᠷᠢᠯᠭᠠᠬᠤ ᠮᠠᠰᠢᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠵᠢᠴᠢ ᠲᠣᠬᠢᠷᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠠᠷᠠᠴᠢᠯᠠᠨ ᠬᠠᠮᠠᠭᠠᠯᠠᠬᠤ ᠲᠥᠪ᠂ ᠤᠯᠤᠰ ᠮᠤᠵᠢ ᠶᠢᠨ ᠭᠤᠤᠯ ᠱᠤᠭᠤᠮ᠂ ᠰᠢᠶᠠᠨ ᠤ ᠳᠡᠰ ᠤᠨ ᠵᠠᠰᠠᠮᠠᠯ ᠵᠠᠮ ᠵᠡᠷᠭᠡ 3 ᠪᠠᠴᠢᠮ ᠪᠠᠶᠢᠳᠠᠯ ᠢ ᠠᠷᠭᠠᠴᠠᠬᠤ ᠡᠮᠦᠨ᠎ᠡ ᠹᠷᠣᠨᠲ ᠤᠨ ᠡᠩᠨᠡᠭᠡ ᠶᠢ ᠵᠣᠬᠢᠶᠠᠨ ᠪᠠᠶᠢᠭᠤᠯᠪᠠ᠃    ᠬᠤᠶᠠᠷ ᠲᠤ᠂ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠵᠠᠰᠠᠮᠠᠯ ᠵᠠᠮ ᠤᠨ ᠲᠣᠭᠤᠷᠢᠨ ᠪᠠᠶᠢᠴᠠᠭᠠᠵᠤ ᠠᠷᠠᠴᠢᠯᠠᠨ ᠬᠠᠮᠠᠭᠠᠯᠠᠬᠤ ᠵᠢᠴᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠵᠠᠮ ᠤᠨ ᠭᠠᠳᠠᠷᠭᠤ ᠶᠢᠨ ᠬᠤᠩᠭᠢᠯ᠂ ᠠᠩ ᠵᠠᠪᠰᠠᠷ ᠵᠡᠷᠭᠡ ᠡᠮᠵᠡᠭ ᠡᠪᠳᠡᠷᠬᠡᠢ ᠶᠢ ᠴᠠᠭ ᠲᠤᠬᠠᠶ ᠳᠤᠨᠢ ᠰᠡᠯᠪᠢᠨ ᠵᠠᠰᠠᠵᠤ᠂ ᠵᠠᠮ ᠤᠨ ᠠᠮᠤᠷ ᠲᠦᠪᠰᠢᠨ ᠤ ᠲᠡᠮᠳᠡᠭ ᠢ ᠨᠥᠬᠦᠪᠥᠷᠢᠯᠡᠨ ᠲᠡᠭᠦᠯᠳᠡᠷᠵᠢᠭᠦᠯᠵᠦ᠂ ᠠᠮᠠᠷᠬᠠᠨ ᠮᠥᠰᠥ ᠬᠥᠯᠳᠡᠬᠦ ᠵᠠᠮ ᠤᠨ ᠬᠡᠰᠡᠭ ᠢ ᠭᠤᠤᠯᠳᠠᠯᠭ᠎ᠠ ᠲᠠᠢ ᠪᠠᠶᠢᠴᠠᠭᠠᠬᠤ ᠪᠠ ᠠᠷᠠᠴᠢᠯᠠᠵᠤ᠂ ᠬᠠᠯᠲᠤᠷᠢᠭ᠎ᠠ ᠠᠴᠠ ᠰᠡᠷᠭᠡᠶᠢᠯᠡᠬᠦ ᠰᠢᠢᠳᠪᠦᠷᠢᠯᠡᠯᠲᠡ ᠶᠢ ᠤᠷᠢᠳᠴᠢᠯᠠᠨ ᠰᠠᠶᠢᠲᠤᠷ ᠬᠢᠪᠡ᠃    ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠲᠦᠷᠭᠡᠨ‌‍ᠴᠤᠤᠷᠢᠶᠠᠳᠤᠨ ᠳᠠᠭᠠᠪᠠ᠃ ᠡᠪᠦᠯ ᠤᠨ ᠤᠯᠠᠷᠢᠯ ᠤᠨ ᠪᠣᠷᠣᠭᠠᠨ ᠴᠠᠰᠤ ᠮᠥᠰᠥᠲᠦᠯ᠂ ᠬᠦᠢᠲᠡᠨ ᠤᠷᠤᠰᠬᠠᠯ ᠶᠡᠭᠡ ᠮᠠᠨᠠᠨ ᠵᠡᠷᠭᠡ ᠴᠠᠭ ᠠᠭᠤᠷ ᠤᠨ ᠰᠡᠷᠡᠮᠵᠢ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠡᠭᠦᠷᠭᠡ ᠶᠢ ᠠᠵᠢᠯ ᠤᠨ ᠪᠠᠶᠢᠷᠢ ᠳᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠮᠡᠳᠡᠭᠡ ᠵᠠᠩᠭᠢ ᠮᠡᠳᠡᠭᠦᠯᠬᠦ ᠠᠵᠢᠯ ᠢ ᠴᠢᠩᠭ᠎ᠠ ᠠᠳᠬᠤᠵᠤ᠂ ᠭᠡᠨᠡᠳᠲᠡ ᠶᠢᠨ ᠬᠡᠷᠡᠭ ᠢ ᠦᠨᠡᠨ ᠬᠦ ᠲᠦᠷᠭᠡᠨ ᠲᠤᠰᠬᠠᠵᠤ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠠᠲᠤᠯᠠᠪᠠ᠃
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号