ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠮᠥᠰᠥ ᠴᠠᠰᠤᠨ ᠤ ᠴᠠᠭ ᠠᠭᠤᠷ ᠪᠥᠬᠦ ᠬᠦᠴᠦᠨ ᠢᠶᠠᠷ ᠢᠶᠠᠨ ᠠᠷᠭᠠᠴᠠᠭᠠᠵᠤ ᠪᠣᠢ
ᠨᠡᠶᠢᠲᠡᠯᠡᠭᠰᠡᠨ ᠴᠠᠭ᠄
2024/11/26
    11 ᠰᠠᠷ᠎ᠠ ᠶᠢᠨ 25 ᠤ ᠡᠳᠦᠷ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠮᠥᠰᠥ ᠴᠠᠰᠤᠨ ᠤ ᠴᠠᠭ ᠠᠭᠤᠷ ᠢ ᠪᠥᠬᠦ ᠬᠦᠴᠦᠨ ᠢᠶᠠᠷ ᠢᠶᠠᠨ ᠠᠷᠭᠠᠴᠠᠭᠠᠪᠠ᠃ ᠡᠯ᠎ᠡ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠲᠡᠷᠭᠡ ᠵᠢᠯᠤᠭᠤᠳᠬᠤ ᠪᠠ ᠲᠡᠷᠭᠡᠨ ᠳᠤ ᠰᠠᠭᠤᠬᠤ ᠬᠥᠮᠦᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠯᠦᠭᠡ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠴᠠᠭ ᠲᠤᠬᠠᠢ ᠳᠤᠨᠢ ᠴᠤᠤᠷᠢᠶᠠᠲᠤᠨ ᠳᠠᠭᠠᠬᠤ ᠶᠢ ᠦᠨᠡᠨᠬᠦ ᠪᠠᠲᠤᠯᠠᠵᠤ᠂ ᠭᠤᠣᠯᠳᠠᠯᠭ᠎ᠠ ᠲᠠᠢ ᠵᠠᠮ ᠤᠨ ᠬᠡᠰᠡᠭ᠂ ᠬᠥᠭᠦᠷᠭᠡ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠲᠥᠢᠯ ᠤᠨ ᠶᠡᠭᠡ ᠮᠦᠰᠦ ᠴᠠᠰᠤᠨ ᠤ ᠴᠠᠭ ᠠᠭᠤᠷ ᠢ ᠠᠷᠭᠠᠴᠠᠭᠠᠬᠤ ᠳᠤ ᠬᠦᠴᠦᠲᠡᠢ ᠪᠠᠲᠤᠯᠠᠭ᠎ᠠ ᠬᠠᠩᠭᠠᠵᠦ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号