2022 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ | ᠬᠡᠤᠬᠡᠳ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠢᠳᠡᠪᠬᠢᠳᠡᠢ ᠵᠣᠬᠢᠴᠠᠭᠤᠯᠤᠭᠰᠠᠨ ᠢᠶᠠᠷ ᠳᠤᠮᠳᠠᠳᠤ | ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠣᠷᠣᠨ ᠳᠤ ︽ | ᠡᠬᠡᠴᠦᠦᠯ ᠤᠨ ᠡᠷᠡᠭᠦᠯ ᠡᠩᠬᠡ ᠶᠢᠨ ᠬᠤᠷᠳᠤᠨ ᠲᠡᠷᠭᠡ︾ 41 ᠣᠷᠤᠭᠤᠯᠵᠤ ᠦᠭᠪᠡ᠂ ᠲᠡᠳᠡᠭᠡᠷ ᠤᠨ ᠶᠡᠷᠦᠩᠬᠡᠶ | ᠥᠷᠲᠡᠭ ᠨᠢ ᠪᠠᠷᠤᠭ 844 ᠲᠦᠮᠡᠨ ᠲᠥᠭᠦᠷᠢᠭ ᠪᠠᠶᠢᠵᠤ᠂ ᠬᠢᠯᠢ ᠬᠢᠵᠠᠭᠠᠷ ᠤᠨ 20 ᠬᠤᠰᠢᠭᠤ ᠰᠢᠶᠠᠨ ᠳᠤ | ᠬᠡᠷᠡᠭᠯᠡᠭᠦᠯᠪᠡ᠃ ᠭᠤᠷᠪᠠᠨ ᠵᠢᠯ ᠤᠨ ᠲᠤᠷᠰᠢ᠂ ︽ᠡᠬᠡᠴᠦᠦᠯ ᠤᠨ ᠡᠷᠡᠭᠦᠯ ᠡᠩᠬᠡ ᠶᠢᠨ ᠬᠤᠷᠳᠤᠨ ᠲᠡᠷᠭᠡ︾ ᠨᠡᠶᠢᠲᠡ | 845 ᠤᠳᠠᠭ᠎ᠠ ᠠᠶᠠᠨ ᠬᠦᠭᠡᠭᠡᠵᠦ᠂ ᠵᠢᠷᠮᠦᠰᠦᠨ ᠡᠮᠡᠭᠲᠡᠶ ᠵᠢᠴᠢ ᠠᠶᠤᠯᠲᠠᠶ ᠬᠦᠨᠳᠦ ᠡᠪᠡᠳᠴᠢᠲᠡᠨ ᠢ 7 ᠬᠥᠮᠦᠨ | ᠤᠳᠠᠭ᠎ᠠ ᠰᠢᠯᠵᠢᠭᠦᠯᠦᠨ ᠵᠥᠭᠡᠭᠡᠪᠦᠷᠢᠯᠡᠵᠦ᠂ 307 ᠬᠥᠮᠦᠨ ᠢ ᠠᠪᠤᠷᠠᠨ ᠲᠤᠰᠠᠯᠠᠵᠤ᠂ ᠡᠷᠡᠭᠦᠯ ᠮᠡᠨᠳᠦ ᠶᠢᠨ | ᠤᠬᠠᠭᠤᠯᠭ᠎ᠠ ᠬᠥᠮᠦᠵᠢᠯ ᠢ 18658 ᠬᠥᠮᠦᠨ ᠤᠳᠠᠭ᠎ᠠ ᠦᠷᠨᠢᠭᠦᠯᠦᠨ᠂ ᠡᠮᠴᠢ ᠶᠢ 205 ᠬᠥᠮᠦᠨ ᠤᠳᠠᠭ᠎ᠠ | ᠪᠣᠯᠪᠠᠰᠤᠷᠠᠯ ᠳᠤ ᠣᠷᠤᠯᠴᠠᠭᠤᠯᠵᠤ᠂ ᠠᠯᠪᠠᠨ ᠵᠢᠷᠤᠮ ᠤᠨ ᠡᠮᠴᠢᠯᠡᠭᠡ ᠯᠠᠪᠯᠠᠯᠭ᠎ᠠ ᠶᠢ 18017 ᠬᠥᠮᠦᠨ ᠤᠳᠠᠭ᠎ᠠ | ᠥᠷᠨᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ 17557 ᠬᠥᠮᠦᠨ ᠤᠳᠠᠭ᠎ᠠ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠪᠡ᠃ ︵ᠡᠮᠡᠭᠲᠠᠶᠢᠴᠤᠳ ᠤᠨ ᠬᠤᠯᠪᠤᠭᠠᠳᠤ ᠬᠤᠷᠠᠯ︶ |