ᠬᠦᠷᠢᠶ᠎ᠡ ᠬᠤᠰᠢᠭᠤ ᠮᠠᠨ ᠤ ᠬᠤᠲᠠ ᠶᠢᠨ ᠪᠠᠷᠠᠭᠤᠨ ᠡᠮᠦᠨ᠎ᠡ ᠪᠠᠶᠢᠷᠢᠯᠠᠵᠤ᠂ ᠶᠡᠷᠦᠩᠬᠡᠢ ᠲᠠᠯᠠᠪᠠᠶ ᠨᠢ 4709 | ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ 8 ᠰᠤᠮᠤ ᠰᠢᠶᠠᠩ ᠪᠠᠯᠭᠠᠰᠤ᠂ 187 ᠭᠠᠴᠠᠭ᠎ᠠ ᠲᠣᠰᠬᠤᠨ᠂ 23 | ᠦᠨᠳᠦᠰᠦᠲᠡᠨ ᠲᠠᠢ ᠪᠠᠶᠢᠵᠤ᠂ ᠪᠦᠭᠦ ᠬᠥᠮᠥᠨ ᠠᠮᠠ 15 ᠲᠦᠮᠡ ᠳᠤ ᠬᠦᠷᠴᠦ᠂ ᠡᠭᠦᠨ ᠳᠤ ᠴᠥᠭᠡᠨ ᠲᠣᠭᠠᠲᠤ | ᠦᠨᠳᠦᠰᠦᠲᠡᠨ ᠤ ᠬᠥᠮᠥᠨ ᠠᠮᠠ 9.3 ᠲᠦᠮᠡ ᠪᠠᠶᠢᠵᠤ᠂ ᠪᠦᠭᠦ ᠬᠥᠮᠥᠨ ᠠᠮᠠ ᠶᠢᠨ 61% ᠶᠢ ᠡᠵᠡᠯᠡᠨ᠎ᠡ᠃ | ᠲᠤᠰ ᠬᠤᠰᠢᠭᠤ ︽ᠳᠤᠮᠳᠠᠳᠤ ᠤᠯᠤᠰ ᠤᠨ ᠠᠨᠳᠠᠢ ᠤᠷᠠᠯᠢᠭ ᠤᠨ ᠨᠤᠲᠤᠭ︾᠂ ︽ᠳᠤᠮᠳᠠᠳᠤ ᠤᠯᠤᠰ ᠤᠨ | ᠰᠠᠭᠠᠭ ᠤᠨ ᠰᠣᠶᠣᠯ ᠤᠨ ᠨᠤᠲᠤᠭ︾᠂ ︽ᠳᠤᠮᠳᠠᠳᠤ ᠤᠯᠤᠰ ᠤᠨ ᠮᠣᠩᠭᠤᠯ ᠡᠮ ᠡᠮᠨᠡᠯᠭᠡ ᠶᠢᠨ ᠰᠣᠶᠣᠯ ᠤᠨ | ᠨᠤᠲᠤᠭ︾ ᠬᠡᠮᠡᠬᠦ ᠰᠠᠶᠢᠬᠠᠨ ᠨᠡᠷ᠎ᠡ ᠠᠯᠳᠠᠷ ᠲᠠᠢ ᠪᠠᠶᠢᠵᠤ᠂ 2023 ᠣᠨ ᠳᠤ ᠪᠦᠭᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠭᠦ ᠬᠤᠰᠢᠭᠤ ᠪᠠᠷ ᠦᠨᠡᠯᠡᠭᠳᠡᠵᠡᠢ᠃ | ᠨᠠᠮ ᠤᠨ ᠦᠨᠳᠦᠰᠦᠲᠡᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ᠲᠤᠰ | ᠬᠤᠰᠢᠭᠤ ︽ᠠᠨᠠᠷ ᠤᠨ ᠦᠷ᠎ᠡ · ᠰᠠᠭᠤᠷᠢ ᠶᠢ ᠪᠠᠬᠢᠵᠢᠭᠦᠯᠦᠨᠡᠮ︾ ᠭᠡᠬᠦ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠤᠨ᠂ ᠬᠤᠰᠢᠭᠤᠨ ᠤ | ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠤᠯᠭᠠᠬᠰᠠᠨ ᠡᠭᠦᠳᠦᠨ ᠪᠠᠶᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠵᠢᠯ ᠤᠨ ᠲᠤᠰᠬᠠᠢ ᠠᠩᠭᠢ ᠪᠠᠶᠢᠭᠤᠯᠵᠤ᠂ ︽ᠬᠦᠷᠢᠶ᠎ᠡ | ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ | ᠲᠥᠯᠦᠪᠵᠢᠭᠦᠯᠭᠡ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠡᠭᠦᠳᠦᠨ | ᠪᠠᠶᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠪᠠ᠃ ︽ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠦᠨᠳᠦᠰᠦᠲᠡᠨ ᠤ ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠲᠣᠭᠲᠠᠭᠠᠵᠤ᠂ | ᠦᠨᠳᠦᠰᠦᠨ ᠱᠠᠲᠤᠨ ᠤ ᠺᠠᠳ᠋ᠷᠴᠤᠳ ᠲᠠᠢ ᠨᠢᠭᠤᠷᠳᠠᠨ ᠶᠠᠷᠢᠯᠴᠠᠵᠤ᠂ ᠪᠦᠭᠦ ᠬᠤᠰᠢᠭᠤᠨ ᠤ ᠡᠯ᠎ᠡ ᠨᠠᠮ ᠤᠨ ᠡᠭᠦᠷ ᠲᠤ | ᠨᠢᠭᠡᠳᠦᠮᠡᠯ ᠹᠷᠣᠨᠲ ᠤᠨ ᠭᠡᠰᠢᠭᠦᠨ ᠭᠠᠷᠭᠠᠵᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠣᠶᠢᠯᠠᠭᠠᠵᠤ ᠮᠡᠳᠡᠬᠦ ᠬᠥᠮᠥᠨ ᠲᠠᠢ᠂ ᠦᠨᠳᠦᠰᠦᠲᠡᠨ ᠤ | ᠠᠵᠢᠯ ᠢ ᠦᠨᠳᠦᠰᠦᠨ ᠱᠠᠲᠤᠨ ᠳᠤ ᠬᠠᠮᠢᠶᠠᠷᠴᠤ ᠬᠠᠷᠢᠭᠤᠴᠠᠬᠤ ᠬᠥᠮᠥᠨ ᠲᠠᠢ ᠪᠠᠶᠢᠬᠤ ᠶᠢ ᠪᠠᠲᠤᠯᠠᠭᠰᠠᠨ ᠪᠠᠶᠢᠨ᠎ᠠ᠃ | ᠠᠵᠢᠯᠲᠠᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠤᠰᠬᠠᠢ ᠵᠠᠷᠤᠳᠠᠯ ᠭᠠᠷᠭᠠᠵᠤ᠂ ᠡᠭᠦᠳᠦᠨ | ᠪᠠᠶᠢᠭᠤᠯᠬᠤ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠭᠰᠠᠨ | ᠪᠠᠶᠢᠨ᠎ᠠ᠃ | ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠬᠥᠮᠥᠰ ᠤᠨ ᠰᠡᠳᠬᠢᠯ ᠢ ᠨᠢᠭᠲᠠᠷᠠᠭᠤᠯᠪᠠ᠃ ︽ᠠᠨᠠᠷ ᠤᠨ ᠦᠷ᠎ᠡ · | ᠰᠦᠭ ᠰᠦᠨᠡᠰᠦ ᠶᠢ ᠪᠦᠲᠦᠭᠡᠨᠡᠮ︾ ᠭᠡᠬᠦ ᠠᠵᠢᠯᠯᠠᠭ᠎ᠠ ᠶᠢ ᠡᠷᠴᠢᠮᠲᠡᠢ ᠠᠬᠢᠭᠤᠯᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠪᠠ ᠬᠤᠰᠢᠭᠤᠨ ᠤ ᠨᠠᠮ ᠤᠨ ᠬᠤᠷᠢᠶ᠎ᠠ ᠶᠢᠨ | ᠨᠠᠮ ᠤᠨ ᠰᠤᠷᠭᠠᠭᠤᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ | ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠶᠢ ᠪᠠᠲᠤᠳᠬᠠᠨ ᠡᠵᠡᠮᠰᠢᠬᠦ ᠶᠢ ᠰᠤᠷᠤᠯᠴᠠᠯᠭ᠎ᠠ ᠶᠢᠨ | ᠴᠢᠬᠤᠯᠠ ᠠᠭᠤᠯᠭ᠎ᠠ ᠪᠤᠯᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠯᠧᠺᠲ᠋ᠣᠷ ᠤᠨ ᠪᠦᠯᠭᠦᠮ ᠵᠢᠯ ᠪᠦᠷᠢ | ᠲᠤᠰᠬᠠᠢ ᠰᠡᠳᠦᠪᠲᠦ ᠪᠣᠯᠪᠠᠰᠤᠷᠠᠯ᠂ ᠲᠠᠶᠢᠯᠤᠮᠵᠢ ᠶᠢ 100 ᠭᠠᠷᠤᠢ ᠤᠳᠠᠭ᠎ᠠ ᠥᠷᠨᠢᠭᠦᠯᠪᠡ᠃ ︽ᠨᠡᠶᠢᠲᠡᠯᠢᠭ | ᠴᠢᠨᠠᠷ︾ ᠢ ᠨᠡᠮᠡᠭᠳᠡᠭᠦᠯᠬᠦ ᠪᠠᠷ ᠴᠢᠭᠯᠡᠯ ᠪᠤᠯᠭᠠᠵᠤ᠂ ᠡᠳᠦᠷ ᠲᠤᠲᠤᠮ ᠤᠨ ᠠᠮᠢᠳᠤᠷᠠᠯ ᠳᠤᠮᠳᠠᠬᠢ ᠰᠣᠶᠣᠯ ᠤᠨ | ᠠᠭᠤᠰᠤᠯᠴᠠᠯ ᠢ ᠴᠢᠬᠤᠯᠠᠴᠢᠯᠠᠵᠤ᠂ ᠠᠨᠠᠷ ᠤᠨ ᠦᠷ᠎ᠡ ᠠᠭᠤᠳᠠᠮ ᠲᠠᠯᠠᠪᠠᠶ᠂ ᠬᠤᠪᠢᠰᠬᠠᠯ ᠤᠨ ᠳᠤᠷᠠᠰᠤᠮᠵᠢ | ᠦᠵᠡᠭᠦᠯᠭᠡ ᠶᠢᠨ ᠣᠷᠳᠣᠨ᠂ ᠨᠢᠭᠡᠳᠦᠭᠡᠷ ᠨᠠᠮ ᠤᠨ ᠡᠭᠦᠷ ᠤᠨ ᠬᠠᠭᠤᠴᠢᠨ ᠰᠠᠭᠤᠴᠠ ᠶᠢᠨ ᠳᠤᠷᠠᠰᠬᠠᠯ ᠤᠨ ᠣᠷᠳᠣᠨ | ᠵᠡᠷᠭᠡ ᠪᠡᠯᠭᠡ ᠲᠡᠮᠳᠡᠭ ᠤᠨ ᠴᠢᠨᠠᠷᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ | ᠰᠠᠭᠤᠷᠢᠨ ᠭᠠᠵᠠᠷ ᠢ 5 ᠪᠠᠶᠢᠭᠤᠯᠪᠠ᠃ ᠪᠦᠭᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠰᠤᠷᠤᠬᠴᠢᠳ ᠢ ᠳᠠᠶᠢᠴᠢᠯᠠᠨ ︽ᠪᠦᠯᠬᠦᠮᠳᠡᠯ ᠤᠨ ᠮᠣᠳᠣ︾ ᠵᠠᠶᠢᠯᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠬᠠᠮᠲᠤᠷᠠᠨ ︽ᠪᠦᠯᠬᠦᠮᠳᠡᠯ ᠤᠨ ᠣᠶ︾ ᠪᠣᠶᠢᠵᠢᠭᠤᠯᠤᠭᠰᠠᠨ ᠪᠠᠶᠢᠨ᠎ᠠ᠃ ︽ᠪᠦᠯᠬᠦᠮᠳᠡᠨ ᠲᠡᠮᠡᠴᠡᠨᠡᠮ︾ | ᠨᠡᠷᠡᠮᠵᠢᠲᠦ ᠨᠡᠶᠢᠲᠡ ᠶᠢᠨ ᠮᠠᠰᠢᠨ ᠲᠡᠷᠭᠡ ᠶᠢ ᠨᠠᠪᠲᠠᠷᠡᠭᠦᠯᠵᠦ᠂ ︽ᠠᠨᠠᠷ ᠤᠨ ᠦᠷ᠎ᠡ ᠶᠢᠨ ᠰᠣᠷᠪᠤᠯᠵᠢᠯᠠᠭ᠎ᠠ︾ | ᠲᠤᠰᠬᠠᠢ ᠪᠤᠯᠤᠩ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠤᠶ ᠪᠣᠯᠭᠠᠪᠠ᠃ | ︽ᠭᠤᠷᠪᠠ ᠶᠢ ᠣᠯᠭᠤᠬᠤ︾ ᠶᠢ ᠲᠤᠪᠤᠶᠢᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ | ᠲᠡᠶᠢᠰᠢ ᠤᠷᠤᠭᠰᠢᠯᠠᠬᠤ ᠶᠢ ᠠᠬᠢᠭᠤᠯᠪᠠ᠃ ︽ᠠᠨᠠᠷ ᠤᠨ ᠦᠷ᠎ᠡ · ᠬᠦᠰᠡᠯ ᠵᠡᠭᠦᠳᠦ ᠪᠠᠨ ᠲᠡᠷᠭᠡᠯᠰᠢᠭᠦᠯᠦᠨᠡᠮ︾ ᠭᠡᠬᠦ | ᠠᠵᠢᠯᠯᠠᠭ᠎ᠠ ᠶᠢ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ | ᠪᠦᠬᠦᠢ ᠯᠡ ᠥᠭᠡᠷᠡᠴᠢᠯᠡᠯᠲᠡ ᠬᠥᠭᠵᠢᠯᠲᠡ ᠶᠢᠨ ︽ᠭᠤᠷᠪᠠᠨ ᠤᠳᠬ᠎ᠠ ᠠᠭᠤᠯᠭ᠎ᠠ︾ ᠶᠢ ᠴᠢᠩᠭᠠᠷᠠᠭᠤᠯᠪᠠ᠃ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ | ᠰᠡᠷᠭᠦᠭᠡᠬᠦ ᠢᠨᠵᠧᠨᠧᠷᠢᠩ ᠵᠢᠴᠢ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ | ᠣᠶᠢᠵᠢᠭᠤᠯᠬᠤ ᠲᠥᠷᠥᠯ ᠵᠦᠢᠯ ᠢ 50 ᠲᠦᠮᠡᠨ ᠮᠦ ᠪᠡᠶᠡᠯᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠤᠨ | ᠰᠥᠨᠥᠭᠡᠯᠲᠡ ᠶᠢᠨ ᠳᠠᠶᠢᠯᠠᠯᠳᠤᠭᠠᠨ ᠢ ᠡᠷᠴᠢᠮ ᠲᠠᠢ ᠬᠢᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 22. | 2% ᠲᠤ ᠬᠦᠷᠭᠡᠵᠦ᠂ ᠬᠤᠲᠠ ᠪᠠᠯᠭᠠᠰᠤ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠨᠣᠷᠮ᠎ᠠ ᠶᠢ 95. | 6% ᠳᠤ ᠬᠦᠷᠭᠡᠵᠦ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦᠶᠢᠴᠡ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠦᠴᠦᠨ ᠢᠶᠠᠨ ᠲᠥᠪᠯᠡᠷᠡᠭᠦᠯᠦᠨ ᠠᠯᠠᠰᠢᠨ ᠦᠬᠡᠷ᠂ ᠰᠠᠭᠠᠭ᠂ ᠣᠶ | ᠰᠢᠭᠤᠢ ᠵᠢᠮᠢᠰ ᠵᠡᠷᠭᠡ ᠭᠤᠷᠪᠠᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠭᠦ᠂ ᠲᠣᠯᠣᠭᠠᠶᠢᠯᠠᠭᠴᠢ ᠶᠢ ᠠᠳᠬᠤᠬᠤ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ | ᠠᠬᠢᠭᠤᠯᠵᠤ᠂ ᠠᠯᠠᠰᠢᠨ ᠦᠬᠡᠷ ᠵᠡᠷᠭᠡ ᠭᠤᠣᠯᠯᠠᠬᠤ ᠠᠵᠤ ᠦᠢᠯᠡᠰ ᠵᠢᠴᠢ ᠰᠠᠭᠠᠭ ᠤᠨ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠵᠤ᠂ ︽ᠬᠦᠷᠢᠶ᠎ᠡ ᠰᠠᠭᠠᠭ᠂ ᠡᠷᠡᠭᠦᠯ ᠮᠡᠨᠳᠦ︾ ᠨᠠᠷᠠᠲᠤ ᠲᠥᠷᠥᠯ | ᠲᠡᠮᠳᠡᠭᠲᠦ ᠶᠢ ᠡᠭᠦᠳᠴᠦ᠂ ︽ᠨᠠᠷᠢᠯᠢᠭ ᠰᠠᠶᠢᠨ︾ ᠣᠶ ᠰᠢᠭᠤᠢ ᠵᠢᠮᠢᠰ ᠤᠨ ᠠᠵᠤ ᠦᠢᠯᠡᠰ ᠢ ᠪᠤᠶ ᠪᠤᠯᠭᠠᠵᠤ᠂ | ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠭᠰᠠᠨ ᠪᠠᠶᠢᠨ᠎ᠠ᠃ | ᠠᠨᠳᠠᠢ ᠪᠥᠵᠢᠭ᠂ ᠮᠣᠩᠭᠤᠯ ᠡᠮ ᠡᠮᠨᠡᠯᠭᠡ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ | ᠠᠭᠤᠳᠠᠯᠵᠤ᠂ ᠰᠣᠳᠣᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ᠂ ᠰᠢᠨ᠎ᠡ ᠪᠠᠷ ᠪᠤᠶ ᠪᠣᠯᠤᠭᠰᠠᠨ | ᠡᠵᠡᠩᠨᠡᠯᠲᠡ ᠶᠢᠨ ᠭᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠬᠦ᠂ ᠰᠣᠶᠣᠯ ᠤᠨ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢ ᠪᠤᠶ ᠪᠤᠯᠭᠠᠬᠤ ᠶᠢ ᠲᠦᠷᠭᠡᠳᠬᠡᠵᠦ᠂ ︽ᠭᠠᠷᠠᠭ ᠤᠨ ᠰᠡᠭᠦᠯᠴᠢ ᠪᠠᠷ ᠢᠶᠠᠨ ᠬᠦᠷᠢᠶ᠎ᠡ ᠳᠤ | ᠵᠢᠭᠤᠯᠴᠢᠯᠠᠬᠤ︾ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠦᠷᠭᠦᠯᠵᠢᠯᠡᠨ | ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠤᠯᠠᠮ ᠨᠢᠭᠡ | ᠠᠯᠬᠤᠮ ᠥᠷᠭᠡᠳᠬᠡᠪᠡ᠃ | ᠪᠦᠭᠦ ᠲᠠᠯ᠎ᠠ ᠪᠠᠷ ᠰᠢᠭᠢᠳᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃ ︽ᠠᠨᠠᠷ ᠤᠨ ᠦᠷ᠎ᠡ · ᠭᠠᠷ ᠭᠠᠷ ᠢᠶᠠᠨ ᠬᠤᠯᠪᠣᠯᠴᠠᠨᠠᠮ︾ ᠭᠡᠬᠦ | ᠠᠵᠢᠯᠯᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ | ᠰᠡᠳᠬᠢᠴᠡ ᠵᠡᠷᠭᠡ ᠪᠦᠭᠦ ᠲᠠᠯ᠎ᠠ ᠪᠠᠷ ᠠᠭᠤᠰᠤᠯᠴᠠᠭᠤᠯᠤᠨ ᠰᠢᠭᠢᠳᠬᠦ ᠶᠢ ᠠᠬᠢᠭᠤᠯᠪᠠ᠃ ᠹᠦ᠋ ᠶᠤᠸᠠᠨ ᠰᠧ ᠨᠡᠶᠢᠭᠡᠮ | ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠤᠯᠬᠤ ᠪᠦᠷᠢ ︽ | ᠽᠦᠩᠽᠢ ᠶᠢᠨ ᠠᠩᠬᠢᠯᠤᠮ᠎ᠠ ᠦᠨᠦᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ︾᠂ ︽ᠨᠠᠢᠮᠠᠨ ᠰᠠᠷ᠎ᠠ ᠶᠢᠨ | ᠲᠡᠷᠭᠡᠯ ᠪᠠᠶᠠᠷ · ᠤᠯᠤᠰ ᠭᠡᠷ ᠢᠶᠠᠨ ᠬᠠᠶᠢᠷᠠᠯᠠᠶ᠎ᠠ︾ ᠵᠡᠷᠭᠡ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠪᠦᠯᠬᠦᠮᠳᠡᠨ ᠨᠢᠭᠲᠠᠷᠠᠭᠰᠠᠨ ᠪᠠᠶᠠᠰᠤᠯᠳᠤ ᠠᠭᠤᠷ ᠠᠮᠢᠰᠬᠤᠯ ᠢ ᠪᠤᠢ ᠪᠣᠯᠭᠠᠪᠠ᠃ ᠪᠣᠳᠠᠰ ᠤᠨ | ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠬᠤᠣᠰᠪᠠᠶᠠᠷ ᠠᠴᠠ ︽ᠡᠭᠡᠯ ᠠᠷᠠᠳ ᠤᠨ ᠤᠷᠠᠯᠢᠭ ᠤᠨ ᠪᠦᠯᠭᠦᠮ︾ | ᠢ ᠵᠣᠬᠢᠶᠠᠨ ᠪᠠᠶᠢᠭᠤᠯᠵᠤ᠂ 100 ᠭᠠᠷᠤᠢ ᠦᠨᠳᠦᠰᠦᠲᠡᠨ ᠤ ᠪᠥᠵᠢᠭ ᠲᠤ ᠪᠠᠭ᠋ᠠᠲᠠᠢ ᠬᠥᠮᠥᠰ ᠨᠢᠭᠡ ᠳᠣᠣᠷ᠎ᠠ | ᠴᠤᠭᠯᠠᠷᠠᠨ᠂ ᠣᠯᠠᠨ ᠦᠨᠳᠦᠰᠦᠲᠡᠨ ᠤ ᠰᠣᠶᠣᠯ ᠤᠨ ᠣᠨᠴᠠᠯᠢᠭ ᠢ ᠠᠭᠤᠰᠬᠠᠭᠰᠠᠨ ︽ᠰᠡᠳᠬᠢᠯ ᠢᠶᠠᠨ ᠨᠢᠭᠡᠳᠬᠡᠨ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠪᠥᠵᠢᠭ ᠢ ᠵᠣᠬᠢᠶᠠᠨ ᠪᠦᠲᠦᠭᠡᠭᠰᠡᠨ ᠪᠠᠶᠢᠨ᠎ᠠ᠃ | ᠰᠤᠷᠭᠠᠭᠤᠯᠢ ᠶᠢᠨ ᠪᠠᠭᠰᠢ ᠰᠤᠷᠤᠬᠴᠢᠳ ᠢ ᠵᠣᠬᠢᠶᠠᠨ ᠪᠠᠶᠢᠭᠤᠯᠤᠨ ᠪᠡᠭᠡᠵᠢᠩ᠂ ᠶᠠᠨ ᠠᠨ ᠵᠡᠷᠭᠡ ᠭᠠᠵᠠᠷ ᠢᠶᠠᠷ | ᠬᠦᠷᠴᠦ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠶᠢ 7 ᠪᠦᠯᠦᠭ 290 ᠭᠠᠷᠤᠢ ᠬᠥᠮᠥᠨ ᠤᠳᠠᠭ᠎ᠠ | ᠥᠷᠨᠢᠭᠦᠯᠪᠡ᠃ 2023 ᠳᠤᠮᠳᠠᠳᠤ ᠤᠯᠤᠰ ᠤᠨ ᠮᠣᠲ᠋ᠣᠷ ᠲᠡᠷᠭᠡᠨ ᠤ ᠬᠡᠭᠡᠷᠡᠯᠡᠨ ᠠᠶᠠᠯᠠᠬᠤ ᠮᠠᠩᠯᠠᠢ ᠰᠢᠯᠭᠠᠷᠠᠭᠤᠯᠬᠤ | ᠤᠷᠤᠯᠳᠤᠭᠠᠨ ︵ᠬᠦᠷᠢᠶ᠎ᠡ ᠥᠷᠲᠡᠭᠡ︶᠂ ᠳᠤᠮᠳᠠᠳᠤ ᠤᠯᠤᠰ ᠤᠨ UTV ᠮᠠᠰᠢᠨ ᠲᠡᠷᠭᠡᠨ ᠤ ᠡᠵᠡᠳ ᠤᠨ | ᠴᠤᠭᠯᠠᠭᠠᠨ ᠵᠢᠴᠢ ᠮᠠᠯᠴᠢᠨ ᠲᠠᠷᠢᠶᠠᠴᠢᠨ ᠤ ᠨᠠᠭᠠᠳᠤᠮ ᠤᠨ ᠶᠡᠭᠡ ᠬᠤᠷᠠᠯ ᠵᠡᠷᠭᠡ 30 ᠭᠠᠷᠤᠢ ᠵᠦᠢᠯ ᠤᠨ ᠲᠣᠮᠣ | ᠭᠡᠯᠪᠡᠷᠢ ᠶᠢᠨ ᠠᠵᠢᠯᠯᠠᠭ᠎ᠠ ᠶᠢ ᠡᠷᠭᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃ | ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ | ᠳᠡᠭᠡᠭᠰᠢᠯᠡᠭᠦᠯᠪᠡ᠃ ︽ᠠᠨᠠᠷ ᠤᠨ ᠦᠷ᠎ᠡ · ᠰᠡᠳᠬᠢᠯ ᠢ ᠨᠢᠭᠲᠠᠷᠠᠭᠤᠯᠤᠨᠠᠮ︾ ᠭᠡᠬᠦ ᠠᠵᠢᠯᠯᠠᠭ᠎ᠠ ᠶᠢ ᠠᠬᠢᠭᠤᠯᠵᠤ᠂ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠰᠲ᠋ᠧᠮ ᠳᠤ ᠣᠷᠣᠭᠤᠯᠵᠤ᠂ ︽ᠭᠤᠷᠪᠠ ᠶᠢ ᠳᠥᠭᠦᠮᠬᠡᠨ ᠢᠶᠠᠷ ᠬᠤᠷᠢᠶᠠᠩᠭᠤᠶᠢᠯᠠᠵᠤ ᠪᠤᠯᠬᠤ ᠦᠭᠡᠢ︾ | ᠪᠠᠷᠢᠮᠵᠢᠶ᠎ᠠ ᠪᠠᠷ ᠦᠨᠳᠦᠰᠦᠲᠡᠨ ᠤ ᠬᠡᠷᠡᠭ ᠶᠠᠪᠤᠳᠠᠯ ᠢ ᠰᠢᠢᠳᠪᠦᠷᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠭᠤᠯᠬᠤ ᠶᠢ ᠦᠨᠡᠨ ᠬᠦ ᠪᠠᠲᠤᠯᠠᠪᠠ᠃ ᠦᠨᠳᠦᠰᠦᠲᠡᠨ ᠤ | ᠬᠦᠴᠦᠨ ᠵᠦᠢᠯ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ | ᠪᠦᠷᠢᠯᠳᠦᠭᠦᠯᠦᠨ᠂ ᠦᠨᠳᠦᠰᠦᠲᠡᠨ ᠳᠤ ᠬᠤᠯᠪᠣᠭᠳᠠᠭᠰᠠᠨ ᠦᠵᠡᠯ ᠤᠬᠠᠮᠰᠠᠷ ᠤᠨ ᠭᠡᠯᠪᠡᠷᠢ ᠶᠢᠨ ᠠᠰᠠᠭᠤᠳᠠᠯ ᠢ | ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ | ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠪᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠳᠤᠮᠳᠠᠳᠤ ᠶᠢᠨ ᠰᠣᠶᠣᠯ ᠢ ᠨᠡᠶᠢᠭᠡᠮ | ᠲᠣᠭᠤᠷᠢᠭ ᠲᠤ ᠬᠦᠷᠭᠡᠬᠦ᠂ ᠬᠥᠳᠡᠭᠡ ᠲᠣᠰᠬᠤᠨ ᠳᠤ ᠬᠦᠷᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠤᠯᠠᠮᠵᠢᠯᠠᠯᠲᠤ ᠪᠠᠶᠠᠷ ᠤᠨ ᠡᠳᠦᠷ ᠢ ᠠᠰᠢᠭᠯᠠᠨ ᠶᠠᠷᠢᠯᠴᠠᠬᠤ ᠬᠤᠷᠠᠯ᠂ ᠬᠠᠮᠲᠤᠷᠠᠭᠰᠠᠨ ᠨᠠᠶᠢᠷ᠂ ᠠᠬᠤᠢ ᠪᠠᠶᠢᠳᠠᠯ ᠢ | ᠣᠶᠢᠯᠠᠭᠠᠬᠤ ᠵᠡᠷᠭᠡ ᠠᠵᠢᠯᠯᠠᠭ᠎ᠠ ᠶᠢ 60 ᠭᠠᠷᠤᠢ ᠤᠳᠠᠭ᠎ᠠ ᠥᠷᠭᠡᠨ ᠢᠶᠠᠷ ᠥᠷᠨᠢᠭᠦᠯᠵᠦ᠂ ᠲᠠᠶᠢᠰᠠᠨ ᠤ ᠵᠦᠴᠦᠭᠡ ︽ | ᠰᠠᠭᠠᠭ ᠬᠤᠸᠠᠷᠯᠠᠯᠠ︾᠂ ᠳᠠᠭᠤᠤ ︽ᠰᠡᠳᠬᠢᠯ ᠨᠢᠭᠡᠳᠦᠭᠰᠡᠨ ᠬᠦᠷᠢᠶ᠎ᠡ︾ ᠵᠡᠷᠭᠡ ᠶᠢ ᠵᠣᠬᠢᠶᠠᠨ ᠪᠦᠲᠦᠭᠡᠪᠡ᠃ | ᠡᠭᠦᠨ ᠤ ᠬᠠᠮᠲᠤ᠂ ᠰᠢᠨ᠎ᠡ ᠶᠢ ᠡᠭᠦᠳᠴᠦ ︽ᠬᠤᠷᠤᠭᠤᠨ ᠦᠵᠦᠭᠦᠷ ᠤᠨ ᠮᠠᠶ᠋ᠢᠭ︾ ᠤᠨ ᠳᠠᠮᠵᠢᠭᠤᠯᠭ᠎ᠠ ᠶᠢ ᠪᠤᠢ | ᠪᠣᠯᠭᠠᠪᠠ᠃ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠲᠦᠮᠡᠨ ᠬᠥᠮᠥᠨ ᠤ ᠮᠠᠭᠲᠠᠭᠠᠯ︾ ᠣᠬᠤᠷ ᠸᠢᠳᠢᠤ᠋ ᠶᠢ | ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠪᠦᠲᠦᠭᠡᠯᠴᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ︽ᠬᠤᠷᠤᠭᠤᠨ ᠦᠵᠦᠭᠦᠷ ᠤᠨ ᠮᠠᠶ᠋ᠢᠭ︾ ᠤᠨ ᠳᠠᠮᠵᠢᠭᠤᠯᠭ᠎ᠠ ᠶᠢ ᠪᠡᠶᠡᠯᠡᠭᠦᠯᠵᠦ᠂ ᠨᠡᠶᠢᠲᠡ 400 | ᠭᠠᠷᠤᠢ ᠣᠬᠤᠷ ᠸᠢᠳᠢᠤ᠋ ᠶᠢ ᠰᠡᠭᠦᠳᠡᠷᠯᠡᠵᠦ᠂ ᠨᠡᠪᠲᠡᠷᠡᠭᠦᠯᠦᠭᠰᠡᠨ ᠬᠡᠮᠵᠢᠶ᠎ᠡ ᠨᠢ 80 ᠲᠦᠮᠡᠨ ᠬᠥᠮᠥᠨ ᠤᠳᠠᠭ᠎ᠠ ᠶᠢ | ᠳᠠᠪᠠᠪᠠ᠃ ᠲᠡᠷᠡ ᠮᠥᠷᠲᠡᠭᠡᠨ ᠰᠢᠨ᠎ᠡ ᠶᠢ ᠡᠭᠦᠳᠴᠦ ︽ᠬᠠᠷᠢᠯᠴᠠᠨ ᠰᠢᠭᠢᠳᠬᠡᠬᠦ ᠮᠠᠶ᠋ᠢᠭ︾ ᠤᠨ ᠣᠷᠴᠢᠨ | ᠲᠣᠭᠤᠷᠢᠨ ᠢ ᠪᠤᠢ ᠪᠣᠯᠭᠠᠵᠠᠢ᠃ ᠬᠠᠷᠢᠯᠴᠠᠨ ᠰᠢᠭᠢᠳᠬᠡᠬᠦ ᠮᠠᠶ᠋ᠢᠭ ᠤᠨ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠢ ᠪᠤᠶ ᠪᠤᠯᠭᠠᠵᠤ᠂ ᠭᠤᠷᠪᠠᠨ ᠵᠢᠯ ᠳᠠᠷᠠᠭᠠᠯᠠᠨ ᠪᠦᠭᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠬᠴᠢᠳ ᠤᠨ ︽ᠬᠠᠷᠢᠯᠴᠠᠨ ᠰᠢᠭᠢᠳᠬᠡᠬᠦ ᠨᠥᠬᠦᠷᠯᠡᠯ ᠮᠠᠶ᠋ᠢᠭ︾ ᠤᠨ ᠪᠡᠶ᠎ᠡ ᠶᠢᠨ ᠲᠠᠮᠢᠷ ᠤᠨ ᠴᠤᠭᠯᠠᠭᠠᠨ ᠢ | ᠳᠠᠭᠠᠭᠠᠴᠢᠯᠠᠨ ᠡᠷᠭᠢᠯᠡᠵᠦ᠂ ᠠᠳᠠᠯᠢ ᠪᠤᠰᠤ ᠰᠤᠷᠭᠠᠭᠤᠯᠢ ᠠᠳᠠᠯᠢ ᠪᠤᠰᠤ ᠦᠨᠳᠦᠰᠦᠲᠡᠨ ᠤ ᠰᠤᠷᠤᠬᠴᠢᠳ ᠢ | ᠬᠤᠯᠢᠯᠳᠤᠭᠤᠯᠤᠨ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠢ ᠡᠯ᠎ᠡ | ᠦᠨᠳᠦᠰᠦᠲᠡᠨ ᠤ ᠰᠤᠷᠤᠬᠴᠢᠳ ᠤᠨ ᠪᠦᠯᠬᠦᠮᠳᠡᠨ ᠨᠠᠶᠢᠵᠠᠯᠠᠬᠤ ᠦᠪᠡᠳᠡᠭᠰᠢ ᠴᠤᠭᠯᠠᠭᠠᠨ ᠪᠣᠯᠭᠠᠪᠠ᠃ ᠬᠠᠷᠢᠯᠴᠠᠨ | ᠰᠢᠭᠢᠳᠬᠡᠬᠦ ᠮᠠᠶ᠋ᠢᠭ ᠤᠨ ᠨᠡᠶᠢᠭᠡᠮ ᠲᠣᠭᠤᠷᠢᠭ ᠢ ᠪᠠᠶᠢᠭᠤᠯᠵᠤ᠂ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ | ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠲᠤ ᠡᠯ᠎ᠡ ᠵᠦᠢᠯ ᠤᠨ ᠤᠳᠬ᠎ᠠ ᠠᠭᠤᠯᠭ᠎ᠠ ᠪᠦᠬᠦᠢ ᠠᠵᠢᠯᠯᠠᠭ᠎ᠠ | ᠥᠷᠨᠢᠭᠦᠯᠵᠦ᠂ ︽ᠳᠥᠷᠪᠡᠨ ᠥᠷᠲᠡᠭᠡ︾ ᠶᠢᠨ ᠠᠵᠢᠯᠯᠠᠬᠤ ᠠᠷᠭ᠎ᠠ ᠶᠢ ᠰᠦᠪᠡᠭᠴᠢᠯᠡᠨ᠂ ︽ᠬᠠᠷᠢᠯᠴᠠᠨ ᠰᠢᠭᠢᠳᠬᠡᠬᠦ | ᠮᠠᠶ᠋ᠢᠭ︾ ᠤᠨ ᠨᠡᠶᠢᠭᠡᠮ ᠲᠣᠭᠤᠷᠢᠭ ᠤᠨ ᠹᠦ᠋ ᠶᠤᠸᠠᠨ ᠰᠧ ᠶᠢᠨ ᠬᠡᠪ ᠳᠠᠭᠤᠷᠢᠶᠠᠯ ᠢ ᠪᠤᠶ ᠪᠣᠯᠭᠠᠪᠠ᠃ ᠬᠠᠷᠢᠯᠴᠠᠨ | ᠰᠢᠭᠢᠳᠬᠡᠬᠦ ᠮᠠᠶ᠋ᠢᠭ ᠤᠨ ᠤᠳᠬ᠎ᠠ ᠤᠷᠠᠯᠢᠭ ᠤᠨ ᠪᠦᠯᠭᠦᠮ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ | ᠥᠪ ᠤᠨ ᠵᠠᠯᠭᠠᠮᠵᠢᠯᠠᠭᠴᠢ ᠶᠢᠨ ᠤᠷᠠᠯᠢᠭ ᠤᠨ ᠪᠦᠯᠭᠦᠮ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠵᠢᠵᠢᠭ ᠵᠦᠴᠦᠭᠡ ᠶᠢᠨ ᠪᠦᠯᠭᠦᠮ ᠵᠡᠷᠭᠡ ᠤᠳᠬ᠎ᠠ ᠤᠷᠠᠯᠢᠭ ᠤᠨ ᠪᠦᠯᠭᠦᠮ ᠢ ᠵᠣᠬᠢᠶᠠᠨ | ᠪᠠᠶᠢᠭᠤᠯᠬᠤ ᠶᠢ ᠵᠣᠷᠢᠭᠵᠢᠭᠤᠯᠵᠤ᠂ ᠦᠨᠳᠦᠰᠦᠲᠡᠨ ᠨᠦᠭᠦᠳ ᠤᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠤᠨ | ᠬᠠᠷᠢᠯᠴᠠᠨ ᠰᠣᠯᠢᠯᠴᠠᠵᠤ ᠬᠠᠷᠢᠯᠴᠠᠨ ᠰᠤᠷᠤᠯᠴᠠᠬᠤ ᠳᠤᠮᠳᠠ ᠬᠠᠷᠢᠯᠴᠠᠨ ᠠᠭᠤᠰᠤᠯᠴᠠᠨ ᠬᠥᠭᠵᠢᠬᠦ ᠶᠢ ᠠᠬᠢᠭᠤᠯᠪᠠ᠃ | | ᠰᠤᠷᠪᠤᠯᠵᠢᠯᠠᠬᠴᠢ᠄ ᠬᠤᠨᠭ᠌ ᠰᠢᠶᠠ | | | ᠪᠠᠭᠠᠴᠤᠳ ᠬᠡᠦᠬᠡᠳ ᠬᠤᠪᠢᠰᠬᠠᠯ ᠤᠨ ᠳᠤᠷᠠᠰᠤᠮᠵᠢ ᠦᠵᠡᠭᠦᠯᠭᠡ ᠶᠢᠨ ᠣᠷᠳᠣᠨ ᠢ | ᠲᠣᠭᠤᠷᠢᠨ ᠦᠵᠡᠵᠦ ᠪᠠᠶᠢᠭ᠎ᠠ ᠨᠢ | | | ᠠᠨᠠᠷ ᠤᠨ ᠦᠷ᠎ᠡ ᠠᠭᠤᠳᠠᠮ ᠲᠠᠯᠠᠪᠠᠢ ᠶᠢᠨ ᠦᠨᠳᠦᠰᠦᠲᠡᠨ ᠤ ᠪᠦᠯᠬᠦᠮᠳᠡᠯ ᠲᠡᠪᠰᠢᠯᠲᠡ ᠶᠢᠨ | ᠦᠯᠢᠭᠡᠷ ᠤᠨ ᠰᠣᠶᠣᠯ ᠤᠨ ᠬᠤᠩᠭᠢᠯ | | | ᠬᠦᠷᠢᠶ᠎ᠡ ᠬᠤᠰᠢᠭᠤᠨ ᠤ ᠬᠤᠪᠢᠰᠬᠠᠯ ᠤᠨ ᠳᠤᠷᠠᠰᠤᠮᠵᠢ ᠦᠵᠡᠭᠦᠯᠭᠡ ᠶᠢᠨ ᠣᠷᠳᠣᠨ |