1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ | ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20% ᠪᠠᠷ | ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠠᠵᠤ ᠠᠬᠤᠢ ᠶᠢᠨ ᠨᠡᠮᠡᠭᠳᠡᠯ ᠳᠤ ᠭᠠᠷᠭᠠᠭᠰᠠᠨ ᠬᠤᠪᠢ ᠨᠡᠮᠡᠷᠢ ᠶᠢᠨ ᠨᠣᠷᠮ᠎ᠠ ᠨᠢ 17.6% ᠳᠤ ᠬᠦᠷᠴᠡᠶ᠃ ᠠᠵᠤ | ᠦᠢᠯᠡᠰ ᠤᠨ ᠭᠤᠷᠪᠠᠨ ᠲᠣᠮᠣ ᠬᠡᠰᠡᠭ ᠠᠴᠠ ᠠᠪᠴᠦ ᠦᠵᠡᠪᠡᠯ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠰᠢᠨ᠎ᠡ ᠡᠨᠧᠷᠭᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 33.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ 1264.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 24.8% ᠪᠠᠷ ᠨᠡᠮᠡᠭᠳᠡᠵᠦ᠂ ᠨᠠᠷᠠᠨ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ | 259.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠬᠦ ᠤᠯᠤᠰ ᠤᠨ ᠬᠤᠶᠠᠳᠤᠭᠠᠷ ᠲᠤ ᠣᠷᠣᠵᠤ᠂ ᠠᠳᠠᠯᠢ | ᠬᠤᠭᠤᠴᠠᠭᠠᠨ ᠤ ᠬᠢ ᠠᠴᠠ 41.7% ᠪᠠᠷ ᠨᠡᠮᠡᠭᠳᠡᠵᠦ᠂ 5 ᠰᠠᠷ᠎ᠠ ᠳᠠᠷᠠᠭᠠᠯᠠᠨ 40% ᠶᠢ ᠳᠠᠪᠠᠭᠰᠠᠨ ᠦᠨᠳᠦᠷ | ᠨᠡᠮᠡᠭᠳᠡᠯ ᠢ ᠪᠠᠲᠤᠯᠠᠪᠠ︔ ᠲᠣᠨᠣᠭᠯᠠᠯ ᠦᠢᠯᠡᠳᠬᠦ ᠴᠢᠳᠠᠪᠤᠷᠢ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 39. | 5% ᠪᠠᠷ ᠨᠡᠮᠡᠭᠳᠡᠵᠦ᠂ ᠭᠤᠣᠯ ᠪᠣᠯᠬᠤ ᠦᠢᠯᠡᠳᠭᠦᠨ ᠳᠠᠬᠢᠨ ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠨᠡᠷᠡᠨ ᠡᠨᠧᠷᠭᠢ ᠶᠢᠨ ᠴᠡᠨᠡᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ︔ | ᠲᠡᠮᠦᠷᠯᠢᠭ ᠤᠨ ᠪᠤᠰᠤ ᠠᠭᠤᠷᠬᠠᠢ ᠶᠢᠨ ᠪᠦᠲᠦᠭᠡᠭᠳᠡᠭᠦᠨ ᠤ ᠦᠢᠯᠡᠰ ᠤᠨ ᠨᠡᠮᠡᠭᠳᠡᠯ ᠦᠷᠳᠡᠭ ᠲᠤᠭᠲᠠᠭᠤᠨ | ᠪᠠᠶᠢᠳᠠᠯ ᠢᠶᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠲᠡᠮᠦᠷᠯᠢᠭ ᠤᠨ ᠪᠤᠰᠤ ᠠᠭᠤᠷᠬᠠᠢ ᠶᠢᠨ | ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠳᠤ ᠪᠠᠨ 19.1% ᠪᠠᠷ ᠨᠡᠮᠡᠭᠳᠡᠭᠰᠡᠨ | ᠦᠨᠳᠦᠷ ᠰᠠᠭᠤᠷᠢ ᠬᠤᠭᠤᠴᠠᠭᠠᠨ ᠤ ᠪᠠᠶᠢᠳᠠᠯ ᠳᠤᠤᠷ᠎ᠠ ᠪᠠᠰᠠ 1.8% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠳᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 54% ᠪᠠᠷ ᠨᠡᠮᠡᠭᠳᠡᠵᠦ᠂ | ᠣᠯᠠᠨ ᠲᠠᠯᠠᠰᠲᠤ ᠴᠠᠬᠢᠭᠤᠷ ᠤᠨ ᠭᠠᠷᠤᠯᠲᠠ 1.1 ᠳᠠᠬᠢᠨ ᠢᠶᠠᠷ ᠨᠡᠮᠡᠭᠳᠡᠪᠡ᠃ ︵ᠲᠤᠭ᠎ᠠ ᠪᠦᠷᠢᠳᠭᠡᠯ ᠤᠨ | ᠲᠣᠪᠴᠢᠶ᠎ᠠ︶ |