ᠲᠡᠷᠭᠡ ᠬᠥᠰᠬᠡ ᠶᠢᠨ ᠵᠣᠭᠰᠣᠬᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠦᠷᠢᠶ᠎ᠡ | ᠬᠤᠰᠢᠭᠤᠨ ᠤ ᠪᠣᠯᠪᠠᠰᠤᠨ ᠤ ᠳᠦᠷᠢ ᠲᠥᠷᠬᠦ ᠶᠢ ᠳᠡᠭᠡᠭᠰᠢᠯᠡᠭᠦᠯᠦᠨ᠂ ᠠᠮᠤᠷ ᠲᠦᠪᠰᠢᠨ ᠰᠠᠭᠠᠳ ᠥᠬᠡᠶ ᠨᠡᠪᠲᠡᠷᠡᠬᠦ᠂ | ᠪᠣᠯᠪᠠᠰᠤᠨ ᠪᠥᠭᠡᠳ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ | ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠴᠡᠭᠴᠡᠯᠡᠨ ᠵᠠᠰᠠᠬᠤ ᠠᠭᠤᠯᠭ᠎ᠠ ᠵᠢᠴᠢ ᠠᠷᠭ᠎ᠠ ᠬᠡᠮᠵᠢᠶ᠎ᠡ | ︵ᠨᠢᠭᠡ︶᠂ ᠲᠡᠷᠭᠡ ᠵᠣᠭᠰᠣᠭᠠᠬᠤ ᠵᠣᠭᠰᠤᠭᠠᠯ ᠦᠭᠡᠶ ᠣᠷᠣᠨ ᠳᠤ ᠲᠡᠷᠭᠡ ᠬᠥᠰᠬᠡ ᠵᠣᠭᠰᠣᠭᠠᠬᠤ ᠶᠢ ᠴᠢᠩᠭ᠎ᠠ | ᠴᠠᠭᠠᠵᠠᠯᠠᠨ᠎ᠠ᠃ ᠵᠠᠮ ᠤᠨ ᠬᠠᠵᠠᠭᠤ ᠳᠤ ᠲᠡᠷᠭᠡ ᠵᠣᠭᠰᠣᠭᠠᠬᠤ ᠶᠢ ᠴᠢᠩᠭ᠎ᠠ ᠴᠠᠭᠠᠵᠠᠯᠠᠵᠤ ︵ᠲᠡᠷᠭᠡᠨ ᠵᠣᠭᠰᠤᠭᠠᠯ | ᠪᠠᠶᠢᠬᠤ ᠠᠴᠠ ᠭᠠᠳᠠᠨ᠎ᠠ︶᠂ ᠲᠡᠷᠭᠡ ᠬᠥᠰᠬᠡ ᠶᠢ ᠨᠢᠭᠡᠳᠦᠯᠲᠡᠶ ᠵᠢᠷᠤᠭᠰᠠᠨ ᠲᠡᠷᠭᠡᠨ ᠵᠣᠭᠰᠣᠭᠠᠯ ᠤᠨ ᠳᠣᠲᠣᠷ᠎ᠠ | ᠲᠠᠯᠪᠢᠵᠤ᠂ ︽ᠲᠤᠯᠤᠭᠠᠢ ᠵᠢᠭᠳᠡ᠂ ᠨᠢᠭᠡ ᠴᠢᠭᠯᠡᠯ᠂ ᠣᠷᠤᠨ ᠳᠤᠨᠢ ᠣᠷᠣᠭᠤᠯᠬᠤ︾ ᠱᠠᠭᠠᠷᠳᠠᠯᠭ᠎ᠠ ᠶᠣᠰᠣᠭᠠᠷ᠂ | ᠡᠮᠬᠢ ᠵᠢᠷᠤᠮ ᠲᠠᠢ ᠪᠠᠷ ᠵᠣᠭᠰᠣᠭᠠᠬᠤ ᠬᠡᠷᠡᠭᠲᠡᠶ᠃ | ︵ᠬᠤᠶᠠᠷ︶ ᠰᠣᠬᠤᠷ ᠬᠥᠮᠦᠨ ᠤ ᠵᠠᠮ᠂ ᠶᠠᠪᠠᠭᠠᠨ ᠬᠥᠮᠦᠨ ᠤ ᠬᠥᠨᠳᠡᠯᠡᠨ ᠵᠠᠮ᠂ ᠭᠠᠯ ᠤᠨᠲᠠᠷᠠᠭᠠᠬᠤ ᠨᠡᠪᠲᠡᠷᠡᠬᠦ | ᠵᠠᠮ᠂ ᠵᠦᠯᠭᠡ ᠭᠠᠵᠠᠷ ᠵᠡᠷᠭᠡ ᠣᠯᠠᠨ ᠨᠡᠶᠢᠲᠡ ᠶᠢᠨ ᠣᠷᠣᠨ ᠪᠦᠰᠡ ᠪᠤᠶᠤ ᠮᠠᠰᠢᠨᠲᠤ ᠲᠡᠷᠭᠡ᠂ ᠮᠠᠰᠢᠨᠲᠤ ᠪᠤᠰᠤ | ᠲᠡᠷᠭᠡ ᠵᠣᠭᠰᠣᠭᠠᠬᠤ ᠭᠠᠵᠠᠷ ᠠᠴᠠ ᠪᠤᠰᠤᠳ ᠣᠷᠣᠨ ᠪᠦᠰᠡ ᠳᠤ ᠲᠡᠷᠭᠡ ᠬᠥᠰᠬᠡ ᠶᠢ ᠳᠤᠷ᠎ᠠ ᠪᠠᠷ ᠢᠶᠠᠨ | ᠵᠣᠭᠰᠣᠭᠠᠵᠤ᠂ ᠬᠡᠪ ᠤᠨ ᠪᠠᠶᠢᠳᠠᠯ ᠢᠶᠠᠷ ᠨᠡᠪᠲᠡᠷᠡᠬᠦ ᠡᠮᠬᠢ ᠳᠢᠭᠯᠢᠮ ᠢ ᠨᠥᠯᠥᠭᠡᠯᠡᠬᠦ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠶᠠᠮᠠᠷᠪᠠ ᠨᠢᠭᠡᠴᠢ᠂ ᠠᠵᠤ ᠠᠬᠤᠶᠢᠯᠠᠯ ᠪᠠ ᠬᠤᠪᠢ ᠬᠥᠮᠦᠨ ᠵᠠᠮ ᠳᠠᠭᠠᠤ ᠶᠢᠨ ᠲᠡᠷᠭᠡ | ᠵᠣᠭᠰᠣᠭᠠᠬᠤ ᠲᠥᠭᠦᠭᠡᠷᠦᠮᠵᠢ᠂ ᠪᠡᠯᠡᠳᠬᠡᠮᠵᠢ ᠶᠢ ᠳᠤᠷ᠎ᠠ ᠪᠠᠷ ᠢᠶᠠᠨ ᠡᠪᠳᠡᠬᠦ᠂ ᠰᠢᠯᠵᠢᠭᠦᠯᠬᠦ᠂ ᠰᠦᠢᠳᠭᠡᠬᠦ ᠪᠠ | ᠪᠠᠯᠠᠯᠤᠨ ᠥᠭᠡᠷᠡᠴᠢᠯᠡᠬᠦ ᠵᠡᠷᠭᠡ ᠶᠢ ᠴᠢᠩᠭ᠎ᠠ ᠴᠠᠭᠠᠵᠠᠯᠠᠨ᠎ᠠ︔ ᠡᠭᠦᠳᠡᠨ ᠡᠮᠦᠨᠡᠬᠢ ᠣᠯᠠᠨ ᠨᠡᠶᠢᠲᠡ ᠶᠢᠨ ᠡᠬᠢ | ᠪᠠᠶᠠᠯᠢᠭ ᠢ ᠳᠤᠷ᠎ᠠ ᠪᠠᠷ ᠢᠶᠠᠨ ᠡᠵᠡᠯᠡᠨ ᠬᠡᠷᠡᠭᠯᠡᠵᠦ᠂ ᠲᠡᠷᠭᠡ ᠵᠣᠭᠰᠣᠭᠠᠬᠤ ᠵᠣᠭᠰᠤᠭᠠᠯ ᠢ ᠶᠠᠭᠤᠮ᠎ᠠ ᠬᠡᠦᠮ᠎ᠡ | ᠲᠠᠯᠪᠢᠵᠤ᠂ ᠬᠦᠷᠢᠶᠡᠯᠡᠨ ᠡᠵᠡᠯᠡᠭᠰᠡᠨ ᠪᠠᠶᠢᠪᠠᠯ᠂ ᠬᠠᠮᠢᠶ᠎ᠠ ᠪᠦᠬᠦᠢ ᠪᠡᠯᠡᠳᠬᠡᠮᠵᠢ ᠶᠢ ᠳᠠᠷᠤᠶ ᠲᠦᠷᠭᠡᠨ ᠥᠪᠡᠰᠦᠪᠡᠨ | ᠡᠪᠳᠡᠨ ᠨᠤᠷᠠᠭᠠᠬᠤ ᠬᠡᠷᠡᠭᠲᠡᠢ᠂ ᠬᠤᠭᠤᠴᠠᠭ᠎ᠠ ᠬᠡᠲᠦᠷᠡᠵᠦ ᠡᠪᠳᠡᠵᠦ ᠨᠤᠷᠠᠭᠠᠭᠰᠠᠨ ᠦᠭᠡᠢ ᠪᠣᠯ ᠬᠠᠤᠯᠢ ᠶᠣᠰᠣᠭᠠᠷ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠡᠪᠳᠡᠨ ᠨᠤᠷᠠᠭᠠᠨ᠎ᠠ᠃ | ︵ᠲᠦᠷᠪᠡ︶ ᠬᠤᠲᠠ ᠶᠢᠨ ᠲᠣᠭᠤᠷᠢᠭ ᠤᠨ ᠭᠤᠤᠯ ᠪᠠ ᠳᠡᠳ᠋ ᠵᠠᠮ᠂ ᠶᠠᠪᠠᠭᠠᠨ ᠬᠥᠮᠦᠨ ᠤ ᠵᠠᠮ᠂ ᠪᠣᠶᠢᠳᠠ | ᠪᠦᠭᠯᠡᠭᠦᠦ ᠵᠡᠭᠡᠯᠢ ᠭᠤᠳᠤᠮᠵᠢ ᠪᠠ ᠪᠤᠰᠤᠳ ᠣᠯᠠᠨ ᠨᠡᠶᠢᠲᠡ ᠶᠢᠨ ᠭᠠᠵᠠᠷ ᠣᠷᠣᠨ ᠳᠤ ᠣᠯᠠᠨ ᠨᠡᠶᠢᠲᠡ ᠶᠢᠨ ᠲᠡᠷᠭᠡ | ᠵᠣᠭᠰᠣᠭᠠᠬᠤ ᠵᠣᠭᠰᠤᠭᠠᠯ ᠢ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠭᠰᠡᠨ ᠪᠠᠶᠢᠪᠠᠯ᠂ ᠤᠬᠠᠮᠰᠠᠷ ᠠᠴᠠ ᠪᠠᠨ | ᠲᠡᠷᠭᠡ ᠬᠥᠰᠬᠡ ᠪᠠᠨ ᠰᠢᠯᠵᠢᠭᠦᠯᠵᠦ᠂ ᠲᠡᠷᠭᠡᠨ ᠵᠣᠭᠰᠣᠭᠠᠯ ᠢ ᠶᠡᠭᠦᠯᠡᠨ ᠥᠭᠬᠦ ᠬᠡᠷᠡᠭᠲᠡᠢ᠃ ᠴᠠᠭ ᠲᠤᠬᠠᠶ ᠳᠤᠨᠢ | ᠨᠡᠭᠦᠯᠭᠡᠨ ᠰᠢᠯᠵᠢᠭᠦᠯᠦᠭᠰᠡᠨ ᠦᠭᠡᠶ ᠲᠡᠷᠭᠡ ᠬᠥᠰᠬᠡ ᠶᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠶᠣᠰᠣᠭᠠᠷ ᠰᠢᠢᠳᠪᠦᠷᠢᠯᠡᠨ᠎ᠡ᠃ | ︵ᠲᠠᠪᠤ︶ ᠳᠡᠭᠡᠷᠡᠬᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠰᠢᠳᠭᠡᠬᠦ ᠠᠴᠠ ᠭᠠᠳᠠᠨ᠎ᠠ᠂ | ᠪᠠᠰᠠ ᠵᠢᠯᠤᠭᠤᠳᠤᠨ ᠶᠠᠪᠤᠬᠤ ᠶᠢ ᠲᠡᠪᠴᠢᠵᠦ ᠬᠠᠤᠯᠢ ᠠᠴᠠ ᠵᠥᠷᠢᠴᠡᠨ ᠵᠤᠭᠰᠤᠭᠠᠭᠰᠠᠨ ᠲᠡᠷᠭᠡ ᠬᠥᠰᠬᠡ ᠶᠢ ᠬᠠᠤᠯᠢ | ᠶᠣᠰᠣᠭᠠᠷ ᠴᠢᠷᠦᠭᠦᠯᠬᠦ ᠶᠢᠨ ᠬᠠᠮᠲᠤ ᠢᠯᠡᠴᠢᠯᠡᠬᠦ ᠲᠠᠪᠴᠠᠩ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠪᠤᠰᠢᠭᠤ | ᠭᠠᠷ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠵᠠᠷᠯᠠᠨ ᠨᠡᠶᠢᠲᠡᠯᠡᠨ᠎ᠡ᠃ | ᠬᠤᠶᠠᠷ᠂ ᠰᠢᠳᠬᠡᠬᠦ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠨ ᠲᠣᠷᠭᠠᠬᠤ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ | ᠭᠤᠷᠪᠠ᠂ ᠰᠢᠳᠬᠡᠬᠦ ᠠᠷᠭ᠎ᠠ ᠮᠠᠶ᠋ᠢᠭ | ︵ᠨᠢᠭᠡ︶ ᠲᠡᠷᠭᠡ ᠬᠥᠰᠬᠡ ᠶᠢᠨ ᠲᠣᠭᠲᠠᠭᠠᠯ ᠠᠴᠠ ᠵᠥᠷᠢᠴᠡᠨ ᠵᠤᠭᠰᠤᠭᠠᠵᠤ ᠲᠠᠯᠪᠢᠭᠰᠠᠨ ᠦᠢᠯᠡ | ᠠᠵᠢᠯᠯᠠᠭ᠎ᠠ ᠶᠢ ᠣᠯᠵᠤ ᠮᠡᠳᠡᠨ᠂ ᠠᠷᠪᠠᠨ ᠮᠢᠨᠦ᠋ᠲ ᠤᠨ ᠳᠣᠲᠣᠷ᠎ᠠ ᠢᠳᠡᠪᠬᠢᠲᠡᠶ ᠬᠠᠮᠵᠢᠯᠴᠠᠵᠤ ᠦᠳᠲᠡᠷ ᠲᠦᠷᠭᠡᠨ | ᠰᠠᠯᠵᠤ ᠶᠠᠪᠤᠪᠠᠯ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠰᠢᠭᠦᠮᠵᠢᠯᠡᠨ ᠰᠤᠷᠭᠠᠨ᠎ᠠ᠃ | ︵ᠬᠤᠶᠠᠷ︶ ᠠᠷᠪᠠᠨ ᠮᠢᠨᠦ᠋ᠲ ᠠᠴᠠ ᠬᠡᠲᠦᠷᠡᠵᠤ ᠵᠢᠯᠤᠭᠤᠳᠤᠨ ᠶᠠᠪᠤᠬᠰᠠᠨ ᠦᠭᠡᠶ᠂ ᠳᠠᠷᠤᠢ ᠲᠥᠷᠭᠡᠨ | ᠵᠢᠯᠤᠭᠤᠳᠤᠨ ᠶᠠᠪᠤᠬᠤ ᠶᠢ ᠲᠡᠪᠴᠢᠭᠰᠡᠨ᠂ ᠲᠦᠷ ᠴᠠᠭ ᠤᠨ ᠲᠡᠷᠭᠡ ᠵᠣᠭᠰᠣᠭᠠᠬᠤ ᠶᠢ ᠴᠢᠩᠭ᠎ᠠ ᠴᠠᠭᠠᠵᠠᠯᠠᠬᠤ | ᠭᠠᠵᠠᠷ ᠲᠤ ᠲᠡᠷᠭᠡ ᠵᠣᠭᠰᠣᠭᠠᠭᠰᠠᠨ ᠢ ᠬᠠᠤᠯᠢ ᠶᠣᠰᠣᠭᠠᠷ ᠰᠢᠳᠬᠡᠨ ᠲᠣᠷᠭᠠᠨ᠎ᠠ᠃ | ︵ᠭᠤᠷᠪᠠ︶ ᠬᠡᠷᠪᠡ ᠬᠠᠮᠵᠢᠯᠴᠠᠨ ᠵᠢᠯᠤᠭᠤᠳᠤᠨ ᠶᠠᠪᠤᠬᠤ ᠶᠢ ᠲᠡᠪᠴᠢᠪᠡᠯ᠂ ᠬᠠᠷᠢᠶ᠎ᠠ ᠣᠷᠣᠨ ᠤ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠲᠣᠭᠲᠠᠭᠠᠯ ᠢ ᠵᠥᠷᠢᠴᠡᠨ ᠲᠡᠷᠭᠡ ᠬᠥᠰᠬᠡ | ᠵᠣᠭᠰᠣᠭᠠᠭᠰᠠᠨ ᠦᠢᠯᠡ ᠠᠵᠢᠯᠯᠠᠭ᠎ᠠ ᠶᠢ ᠲᠤᠬᠠᠶ ᠶᠢᠨ ᠲᠠᠯᠠᠪᠤᠷ ᠲᠤᠨᠢ ᠰᠡᠭᠦᠳᠡᠷᠯᠡᠨ ᠭᠡᠷᠡᠴᠢ ᠠᠪᠴᠤ᠂ ᠴᠢᠷᠦᠬᠦᠯ | ᠲᠡᠷᠭᠡᠨ ᠤ ᠺᠣᠮᠫᠠᠨᠢ ᠳᠤ ᠨᠠᠶᠢᠳᠠᠵᠤ ᠠᠯᠪᠠᠳᠠᠯᠭ᠎ᠠ ᠪᠠᠷ ᠴᠢᠷᠦᠭᠦᠯᠬᠦ ᠶᠢᠨ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠶᠣᠰᠣᠭᠠᠷ ᠲᠤᠬᠠᠶ ᠶᠢᠨ ᠬᠥᠮᠦᠨ ᠢ ᠵᠣᠬᠢᠬᠤ ᠵᠣᠭᠤᠰ ᠢᠶᠠᠷ ᠲᠣᠷᠭᠠᠨ᠎ᠠ᠃ | ᠳᠥᠷᠪᠡ᠂ ᠰᠢᠳᠬᠡᠯ ᠢ ᠬᠡᠷᠡᠭᠵᠢᠭᠦᠯᠬᠦ ᠴᠠᠭ | ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠪᠠᠶᠢᠩᠭᠤᠵᠢᠭᠤᠯᠤᠨ ᠣᠷᠳᠣ | ᠬᠤᠭᠤᠴᠠᠭ᠎ᠠ ᠪᠠᠷ ᠴᠡᠭᠴᠡᠯᠡᠨ ᠵᠠᠰᠠᠬᠤ ᠶᠢ ᠶᠠᠪᠤᠭᠳᠠᠭᠤᠯᠤᠨ᠎ᠠ᠃ | ᠲᠠᠪᠤ᠂ ᠠᠩᠬᠠᠷᠬᠤ ᠵᠦᠢᠯ | ︵ᠨᠢᠭᠡ︶ ᠪᠣᠯᠪᠠᠰᠤᠨ ᠵᠠᠮ ᠬᠠᠷᠢᠯᠴᠠᠭ᠎ᠠ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠶ᠎ᠡ᠃ ᠥᠷᠭᠡᠨ ᠣᠯᠠᠨ | ᠲᠥᠮᠡᠨ ᠤ ᠤᠶᠢᠯᠠᠭᠠᠨ ᠤᠶᠢᠯᠠᠭᠠᠯᠴᠠᠵᠤ᠂ ᠳᠡᠮᠵᠢᠨ ᠬᠠᠮᠵᠢᠯᠴᠠᠵᠤ᠂ ᠪᠣᠯᠪᠠᠰᠤᠨ ᠢᠶᠠᠷ ᠶᠠᠪᠤᠵᠤ ᠰᠠᠭᠤᠬᠤ᠂ ᠡᠮᠬᠢ | ᠵᠢᠷᠤᠮ ᠲᠠᠢ ᠲᠡᠷᠭᠡ ᠵᠤᠭᠰᠤᠭᠠᠬᠤ ᠶᠢ ᠪᠡᠶᠡᠯᠡᠭᠦᠯᠵᠦ᠂ ᠵᠢᠷᠤᠮᠵᠢᠯ ᠲᠠᠢ ᠴᠡᠪᠡᠷ ᠲᠡᠭᠰᠢᠬᠡᠨ᠂ ᠰᠠᠭᠠᠳ ᠥᠬᠡᠶ ᠪᠥᠭᠡᠳ | ᠡᠮᠬᠢ ᠵᠢᠷᠤᠮ ᠲᠠᠢ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠬᠡᠷᠡᠭᠲᠡᠶ᠃ | ︵ᠬᠤᠶᠠᠷ︶ ᠴᠡᠭᠴᠡᠯᠡᠨ ᠵᠠᠰᠠᠬᠤ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ | ᠭᠦᠢᠴᠡᠳᠬᠡᠬᠦ ᠶᠢ ᠬᠠᠷᠰᠢᠯᠠᠭᠰᠠᠨ᠂ ᠰᠠᠭᠠᠳ ᠪᠣᠯᠤᠭᠰᠠᠠᠳ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ | ᠰᠢᠯᠵᠢᠭᠦᠯᠦᠨ ᠲᠤᠰᠢᠶᠠᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | | ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2024 ᠣᠨ ᠤ 10 ᠰᠠᠷ᠎ᠠ ᠶᠢᠨ 29 ᠤ ᠡᠳᠦᠷ |