ᠥᠪᠥᠷ ᠮᠣᠩᠭᠤᠯ ᠤᠨ ᠱᠧᠩ ᠬᠤᠸᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠵᠢᠯ ᠳᠤ 100 | ᠲᠦᠮᠡᠨ ᠲᠣᠨ ᠴᠢᠯᠠᠭᠤᠨ ᠲᠤᠰᠤᠨ ᠤ ᠠᠢ ᠰᠠᠪᠠ ᠦᠢᠯᠡᠳᠪᠦᠷᠢᠯᠡᠬᠦ ᠳᠤ ᠬᠡᠷᠡᠭᠯᠡᠬᠦ ᠴᠠᠬᠢᠭᠤᠷ ᠡᠯᠡᠰᠦ ᠨᠠᠷᠢᠯᠢᠭ | ᠡᠳ᠋ᠰᠢᠭᠦᠯᠬᠦ ᠲᠦᠷᠦᠯ ᠵᠦᠢᠯ ᠤᠨ ᠲᠣᠭᠤᠷᠢᠭ ᠲᠤ ᠬᠦᠷᠬᠦᠶ᠎ᠡ᠂ ᠠᠵᠢᠯᠴᠢᠳ ᠶᠠᠭ ᠪᠸᠲ᠋ᠤᠨ ᠤ ᠰᠠᠭᠤᠷᠢ ᠶᠢ | ᠴᠢᠳᠬᠤᠵᠤ᠂ ᠤᠰᠤ ᠪᠠᠷ ᠤᠬᠢᠶᠠᠬᠤ ᠲᠥᠬᠦᠭᠡᠷᠦᠮᠵᠢ ᠦᠢᠯᠡᠳᠴᠦ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ | ᠮᠠᠰᠢᠨ ᠤ ᠲᠠᠭᠤᠨ ᠬᠦᠩᠭᠢᠨᠡᠵᠦ᠂ ᠪᠠᠷᠢᠯᠭ᠎ᠠ ᠶᠢᠨ ᠮᠠᠰᠢᠨ ᠲᠡᠷᠭᠡ ᠨᠠᠭᠠᠰᠢ ᠴᠭᠠᠠᠰᠢ ᠰᠦᠯᠵᠢᠯᠳᠦᠨ ᠶᠠᠭᠠᠷᠠᠯᠲᠠᠢ | ᠠᠵᠢᠯᠯᠠᠵᠤ ᠪᠠᠶᠢᠯ᠎ᠠ᠃ | ᠥᠪᠥᠷ ᠮᠣᠩᠭᠤᠯ ᠤᠨ ᠱᠧᠩ ᠬᠤᠸᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠳᠡᠳ᠋ ᠵᠢᠩᠯᠢ ᠮᠠ | ᠬᠤᠩ ᠯᠢᠶᠠᠩ ᠰᠤᠷᠪᠤᠯᠵᠢᠯᠠᠬᠴᠢ ᠳᠤ᠄ ︽ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3.5 | ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ | ᠬᠤᠭᠤᠴᠠᠭᠠᠨ ᠳᠤ ᠭᠤᠣᠯᠳᠠᠭᠤ ᠵᠢᠯ ᠳᠤ 50 ᠲᠦᠮᠡᠨ ᠲᠣᠨ ᠴᠢᠯᠠᠭᠤᠨ ᠲᠤᠰᠤᠨ ᠤ ᠠᠢ ᠰᠠᠪᠠ ᠦᠢᠯᠡᠳᠪᠦᠷᠢᠯᠡᠬᠦ | ᠳᠤ ᠬᠡᠷᠡᠭᠯᠡᠬᠦ ᠴᠠᠬᠢᠭᠤᠷ ᠡᠯᠡᠰᠦᠨ ᠤ ᠰᠢᠷᠢᠰ ᠦᠢᠯᠡᠳᠬᠦᠨ ᠤ ᠦᠢᠯᠡᠳᠪᠦᠷᠢᠯᠡᠯ ᠤᠨ ᠱᠤᠭᠤᠮ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠬᠤᠶᠠᠳᠤᠭᠠᠷ ᠬᠤᠭᠤᠴᠠᠭᠠᠨ ᠳᠤ ᠭᠤᠣᠯᠳᠠᠭᠤ ᠵᠢᠯ ᠳᠤ | 30 ᠲᠦᠮᠡᠨ ᠲᠣᠨ ᠴᠢᠯᠠᠭᠤᠨ ᠲᠤᠰᠤᠨ ᠤ ᠠᠢ ᠰᠠᠪᠠ ᠦᠢᠯᠡᠳᠪᠦᠷᠢᠯᠡᠬᠦ ᠳᠤ ᠬᠡᠷᠡᠭᠯᠡᠬᠦ ᠴᠠᠬᠢᠭᠤᠷ ᠡᠯᠡᠰᠦ᠂ ᠵᠢᠯ ᠳᠤ | 10 ᠲᠦᠮᠡᠨ ᠲᠣᠨ ᠲᠣᠰᠣ ᠭᠠᠷᠭᠠᠬᠤ ᠡᠯᠡᠰᠦ ᠰᠡᠷᠭᠡᠶᠢᠯᠡᠬᠦ ᠨᠡᠮᠡᠯᠲᠡ ᠡᠳ᠋᠂ ᠵᠢᠯ ᠳᠤ 10 ᠲᠦᠮᠡᠨ ᠲᠣᠨ ᠥᠨᠳᠥᠷ | ᠳᠤᠯᠠᠭᠠᠨ ᠳᠤ ᠲᠡᠰᠪᠦᠷᠢᠲᠡᠢ ᠳᠠᠪᠠᠷᠬᠠᠢ ᠶᠢᠨ ᠪᠦᠷᠭᠦᠪᠴᠢᠳᠤ ᠡᠯᠡᠰᠦᠨ ᠤ ᠰᠢᠷᠢᠰ ᠦᠢᠯᠡᠳᠬᠦᠨ ᠤ | ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ | ᠲᠥᠷᠥᠯ ᠵᠦᠢᠯ ᠢ ᠪᠦᠭᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠵᠢᠯ ᠤᠨ ᠪᠣᠷᠤᠯᠠᠭᠤᠯᠭ᠎ᠠ ᠶᠢᠨ ᠣᠷᠣᠯᠭ᠎ᠠ 2.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 2900 ᠲᠦᠮᠡᠨ | ᠲᠥᠭᠦᠷᠢᠭ ᠤᠨ ᠭᠠᠶᠢᠯᠢ ᠲᠤᠰᠢᠶᠠᠨ᠎ᠠ᠃ ᠲᠦᠷᠦᠯ ᠵᠦᠢᠯ ᠢ ᠡᠨᠡ ᠵᠢᠯ ᠤᠨ 6 ᠰᠠᠷ᠎ᠠ ᠠᠴᠠ ᠡᠬᠢᠯᠡᠨ ᠪᠦᠲᠦᠭᠡᠨ | ᠪᠠᠶᠢᠭᠤᠯᠵᠤ᠂ ᠵᠢᠱᠢᠯᠲᠡ ᠪᠠᠷ 11 ᠰᠠᠷ᠎ᠠ ᠳᠤ ᠲᠤᠷᠰᠢᠨ ᠦᠢᠯᠡᠳᠪᠦᠷᠢᠯᠡᠬᠦ ᠪᠣᠯᠣᠨ᠎ᠠ︾ ᠭᠡᠨ᠎ᠡ᠃ | ᠬᠦᠷᠢᠶ᠎ᠡ ᠬᠤᠰᠢᠭᠤᠨ ᠳᠤ ᠡᠯᠪᠡᠭ ᠪᠠᠶᠠᠯᠢᠭ᠂ ᠴᠢᠨᠠᠷ ᠰᠠᠶᠢᠲᠠᠢ ᠴᠠᠬᠢᠭᠤᠷ ᠡᠯᠡᠰᠦᠨ ᠤ ᠡᠬᠢ ᠪᠠᠶᠠᠯᠢᠭ ᠲᠠᠢ | ᠪᠠᠶᠢᠵᠤ᠂ ᠴᠠᠬᠢᠭᠤᠷ ᠡᠯᠡᠰᠦᠨ ᠤ ᠬᠠᠳᠠᠭᠠᠯᠠᠭᠳᠠᠴᠠ ᠨᠢ 100 ᠭᠠᠷᠤᠢ ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠬᠦᠳᠡᠷ ᠤᠨ ᠬᠡᠪᠲᠡᠰᠢ ᠨᠢ ᠢᠯᠡ᠂ ᠵᠤᠵᠠᠭᠠᠨ ᠤ ᠬᠡᠮᠵᠢᠶ᠎ᠡ ᠨᠢ ᠲᠣᠭᠲᠠᠭᠤᠨ᠂ ᠪᠦᠲᠦᠴᠡ ᠨᠢ | ᠲᠥᠭᠦᠮ᠂ ᠮᠠᠯᠲᠠᠬᠤ ᠳᠤ ᠲᠤᠶᠢᠯ ᠤᠨ ᠭᠢᠯᠪᠠᠷ᠂ ᠮᠠᠰᠢ ᠥᠨᠳᠥᠷ ᠨᠡᠭᠡᠭᠡᠨ ᠮᠠᠯᠲᠠᠬᠤ ᠦᠨ᠎ᠡ ᠥᠷᠲᠡᠭ ᠪᠠ ᠥᠷᠭᠡᠨ | ᠠᠭᠤᠳᠠᠮ ᠨᠡᠭᠡᠭᠡᠨ ᠮᠠᠯᠲᠠᠬᠤ ᠢᠷᠡᠭᠡᠳᠦᠢ ᠲᠠᠢ᠃ ᠬᠦᠷᠢᠶ᠎ᠡ ᠬᠤᠰᠢᠭᠤ ᠴᠠᠬᠢᠭᠤᠷ ᠡᠯᠡᠰᠦᠨ ᠤ ᠠᠵᠤ ᠦᠢᠯᠡᠰ ᠤᠨ | ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠴᠠᠬᠢᠭᠤᠷ ᠡᠯᠡᠰᠦᠨ ᠤ ᠠᠵᠤ ᠦᠢᠯᠡᠰ ᠤᠨ ᠪᠠᠶᠢᠷᠢᠰᠢᠭᠤᠯᠤᠯᠲᠠ | ᠪᠠ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠤ ᠡᠬᠢ ᠪᠠᠶᠠᠯᠢᠭ᠂ ᠡᠨᠧᠷᠭᠢ ᠶᠢᠨ ᠬᠤᠷᠣᠭᠳᠠᠯ ᠵᠡᠷᠭᠡ ᠲᠠᠯ᠎ᠠ ᠪᠠᠷ | ᠠᠵᠤ ᠠᠬᠤᠶᠢᠯᠠᠯ ᠳᠤ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢᠶᠠᠷ ᠴᠠᠬᠢᠭᠤᠷ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠳᠠᠭᠠᠭᠤᠯᠵᠤ ᠪᠠᠶᠢᠨ᠎ᠠ᠃ | ᠰᠤᠷᠪᠤᠯᠵᠢᠯᠠᠬᠴᠢ᠄ ᠸᠠᠩ ᠬᠤᠸᠠᠨ ᠯᠢ ᠰᠢᠦᠢ ᠮᠢᠩ ᠫᠧᠢ ᠰᠢ ᠠᠯᠮᠠᠰ |