ᠬᠦᠷᠢᠶ᠎ᠡ ᠪᠠᠯᠭᠠᠰᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/5
    11 ᠰᠠᠷ᠎ᠠ ᠶᠢᠨ 4 ᠤ ᠡᠳᠦᠷ᠂ ᠬᠦᠷᠢᠶ᠎ᠡ ᠪᠠᠯᠭᠠᠰᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠦᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠭᠠᠩ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠰᠡᠷᠡᠮᠵᠢᠯᠡᠭᠦᠯᠦᠯ ᠬᠦᠮᠦᠵᠢᠯ ᠤᠨ ᠹᠢᠯᠢᠮ ︽ᠰᠢᠷᠭᠤᠯᠵᠢ ᠶᠢᠨ ᠰᠢᠨᠤᠬᠠᠶᠢᠷᠠᠯ ᠤᠨ ᠬᠤᠣᠷ ᠬᠥᠨᠥᠭᠡᠯ︾ ᠢ ᠲᠥᠪᠯᠡᠷᠡᠭᠦᠯᠦᠨ ᠦᠵᠡᠵᠦ᠂ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠵᠢᠯ ᠤᠨ ᠲᠤᠷᠰᠢᠬᠢ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠢ ᠮᠡᠳᠡᠭᠳᠡᠭᠰᠡᠨ ᠪᠥᠭᠡᠳ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠠᠬᠢᠨ ᠰᠤᠷᠤᠯᠴᠠᠵᠤ᠂ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠪᠦᠬᠦ ᠪᠠᠯᠭᠠᠰᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠡ ᠴᠤᠬᠴᠠᠵᠢᠭᠤᠯᠤᠨ ᠬᠦᠴᠦᠯᠡᠵᠦ᠂ ᠶᠡᠷᠦ ᠪᠤᠰᠤ ᠵᠣᠷᠢᠭ ᠢᠶᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠡᠪᠲᠡᠷᠡᠯᠴᠡᠭᠦᠯᠦᠨ᠂ ᠴᠡᠭᠴᠡᠯᠡᠨ ᠵᠠᠰᠠᠬᠤ ᠠᠵᠢᠯ ᠳᠤ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号