ᠡᠨᠧᠷᠭᠢ ᠶᠢᠨ ᠲᠣᠪᠴᠢᠶ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠳᠠ ᠠᠩᠬᠠᠷᠴᠤ | ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠢᠶᠠᠷ ᠵᠠᠯᠭᠠᠵᠤ ᠦᠷᠭᠦᠯᠵᠢᠯᠡᠭᠦᠯᠬᠦ ᠪᠠᠨ ᠪᠠᠲᠤᠯᠠᠵᠤ ᠪᠤᠢ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠨᠢᠭᠡᠨᠲᠡ ᠬᠢᠨᠠᠵᠤ | ᠵᠥᠪᠰᠢᠶᠡᠷᠡᠭᠰᠡᠨ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠳᠠᠷᠦ᠋ᠢᠬᠠᠨ ᠠᠵᠢᠯ ᠡᠬᠢᠯᠡᠭᠦᠯᠬᠦ ᠶᠢ | ᠲᠦᠷᠭᠡᠳᠬᠡᠨ ᠠᠬᠢᠭᠤᠯᠵᠤ᠂ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢᠶᠠᠨ ᠡᠷᠲᠡᠬᠡᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠵᠠᠯᠭᠠᠵᠤ ᠦᠷᠭᠦᠯᠵᠢᠯᠡᠭᠦᠯᠬᠦ | ᠲᠥᠷᠥᠯ ᠵᠦᠢᠯ ᠤᠨ ᠤᠷᠤᠭᠰᠢᠲᠠᠢ ᠬᠢᠨᠠᠨ ᠵᠦᠪᠰᠢᠶᠡᠷᠡᠭᠳᠡᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ | ᠣᠷᠣᠨ ᠳᠤ ᠨᠡᠭᠦᠷᠡᠰᠦᠨ ᠠᠭᠤᠷᠬᠠᠶ ᠶᠢ 19 ᠰᠢᠨ᠎ᠡ ᠪᠠᠷ ᠪᠠᠶᠢᠭᠤᠯᠵᠤ᠂ ᠶᠡᠷᠦᠩᠬᠡᠶ ᠦᠢᠯᠡᠳᠪᠦᠷᠢᠯᠡᠬᠦ ᠴᠢᠳᠠᠮᠵᠢ ᠨᠢ | ᠪᠠᠷᠤᠭ 1.6 ᠳ᠋ᠦᠩᠰᠢᠭᠤᠷ ᠲᠣᠨ / ᠵᠢᠯ ᠪᠠᠶᠢᠨ᠎ᠠ᠂ ᠡᠭᠦᠨ ᠳᠤ 5 ᠶᠢ ᠨᠢ ᠪᠠᠶᠢᠭᠤᠯᠤᠨ ᠳᠠᠭᠤᠰᠬᠠᠵᠤ᠂ | ᠦᠢᠯᠡᠳᠪᠦᠷᠢᠯᠡᠬᠦ ᠴᠢᠳᠠᠮᠵᠢ ᠨᠢ 5100 ᠲᠦᠮᠡᠨ ᠲᠣᠨ / ᠵᠢᠯ ᠪᠠᠶᠢᠵᠦ᠂ ᠵᠢᠱᠢᠯᠲᠡ ᠪᠠᠷ 2025 ᠣᠨ ᠳᠤ | ᠰᠢᠯᠵᠢᠭᠦᠯᠦᠨ ᠲᠤᠰᠢᠶᠠᠵᠤ ᠦᠢᠯᠡᠳᠪᠦᠷᠢᠯᠡᠬᠦ ᠪᠤᠯᠤᠨ᠎ᠠ︔ 10 ᠶᠢ ᠨᠢ ᠨᠢᠭᠡᠨᠲᠡ ᠠᠵᠢᠯ ᠡᠬᠢᠯᠡᠭᠦᠯᠵᠦ᠂ | ᠵᠢᠱᠢᠯᠲᠡ ᠪᠠᠷ 2025 ᠣᠨ ᠳᠤ 1 ᠶᠢ ᠨᠢ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ ᠴᠢᠳᠠᠮᠵᠢ ᠨᠢ 150 | ᠲᠦᠮᠡᠨ ᠲᠣᠨ / ᠵᠢᠯ ᠪᠤᠯᠤᠨ᠎ᠠ᠂ 2026 ᠣᠨ ᠳᠤ 5 ᠶᠢ ᠨᠢ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ | ᠴᠢᠳᠠᠮᠵᠢ ᠨᠢ 3600 ᠲᠦᠮᠡᠨ ᠲᠣᠨ / ᠵᠢᠯ ᠪᠤᠯᠤᠨ᠎ᠠ︔ 4 ᠶᠢ ᠨᠢ ᠶᠠᠭ ᠠᠵᠢᠯ ᠡᠬᠢᠯᠡᠭᠦᠯᠬᠦ ᠤᠷᠢᠳᠠᠴᠢ | ᠭᠠᠷᠳᠠᠮ ᠢᠶᠠᠨ ᠭᠦᠢᠴᠡᠳᠬᠡᠵᠦ ᠪᠤᠢ᠂ ᠦᠢᠯᠡᠳᠪᠦᠷᠢᠯᠡᠬᠦ ᠴᠢᠳᠠᠮᠵᠢ ᠨᠢ 2900 ᠲᠦᠮᠡᠨ ᠲᠣᠨ / ᠵᠢᠯ ᠪᠤᠯᠤᠨ᠎ᠠ᠃ | ︵ᠡᠨᠧᠷᠭᠢ ᠶᠢᠨ ᠲᠣᠪᠴᠢᠶ᠎ᠠ︶ |