11 ᠰᠠᠷ᠎ᠠ ᠶᠢᠨ 4 ᠤ ᠡᠳᠦᠷ᠂ ᠮᠠᠨ ᠤ ᠬᠤᠲᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠮᠠᠯᠠᠯᠲᠠ ᠪᠠᠨ ᠪᠡᠶᠡᠯᠡᠭᠦᠯᠦᠭᠰᠡᠨ ᠲᠤᠬᠠᠢ ᠠᠩᠬᠠᠳᠠᠭᠴᠢ ᠳᠡᠯᠡᠪᠡᠢ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠳᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ | ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠳᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠠᠷᠠᠳ ᠤᠨ ᠳᠤᠮᠳᠠᠳᠤ ᠵᠡᠷᠭᠡ ᠶᠢᠨ ᠰᠢᠭᠦᠬᠦ | ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠠᠴᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠮᠡᠳᠡᠭᠳᠡᠪᠡ᠃ | ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠬᠢᠨ 20 ᠵᠦᠢᠯ ᠤᠨ ᠲᠦᠷᠦᠭᠦᠯᠡᠨ ᠭᠦᠢᠴᠡᠳᠬᠡᠬᠦ ᠲᠤᠭ᠎ᠠ ᠶᠢᠨ ᠡᠭᠦᠷᠭᠡ᠂ | 14 ᠵᠦᠢᠯ ᠤᠨ ᠬᠠᠮᠵᠢᠯᠴᠠᠬᠤ ᠡᠭᠦᠷᠭᠡ ᠵᠢᠴᠢ 12 ᠵᠦᠢᠯ ᠤᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠴᠢᠨᠠᠷ | ᠰᠠᠶᠢᠲᠠᠢ ᠪᠡᠶᠡᠯᠡᠭᠦᠯᠵᠦ᠂ 5 ᠵᠦᠢᠯ ᠤᠨ ᠭᠢᠯᠠᠰ ᠴᠡᠭ ᠤᠨ ᠠᠵᠢᠯ ᠢ ᠪᠤᠶ ᠪᠤᠯᠭᠠᠵᠤ᠂ 10 ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠢ | ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠣᠶᠤᠨᠴᠢ ᠤᠰᠤᠨ ᠤ ᠬᠡᠮᠵᠢᠭᠦᠷ ᠢ 2.1 ᠲᠦᠮᠡᠨ ᠬᠤᠪᠢ | ᠰᠣᠯᠢᠵᠤ᠂ ᠳᠠᠷᠤᠯᠲᠠ ᠶᠢ ᠬᠢᠨᠠᠨ ᠬᠡᠮᠵᠢᠬᠦ ᠲᠥᠬᠦᠭᠡᠷᠦᠮᠵᠢ ᠶᠢ 10 ᠢᠵᠢ ᠤᠭᠰᠠᠷᠠᠵᠤ᠂ ᠰᠢᠲᠠᠮᠠᠬᠠᠢ ᠬᠡᠢ ᠶᠢᠨ ᠭᠡᠷ | ᠳᠣᠲᠣᠷᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠶᠢ 4 ᠲᠦᠮᠡᠨ ᠢᠵᠢ ᠨᠡᠮᠡᠵᠦ ᠤᠭᠰᠠᠷᠠᠪᠠ᠃ | ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ 60 ᠬᠡᠷᠡᠭᠵᠢᠭᠦᠯᠵᠦ᠂ ᠢᠯᠴᠢ ᠶᠢᠨ ᠰᠤᠷᠪᠤᠯᠵᠢ ᠶᠢ 16᠂ | ᠢᠯᠴᠢ ᠰᠣᠯᠢᠯᠴᠠᠬᠤ ᠥᠷᠲᠡᠭᠡ ᠶᠢ 378᠂ ᠨᠢᠭᠡᠳᠡᠬᠢ ᠬᠤᠭᠤᠯᠠᠢ ᠲᠣᠣᠷ ᠢ 50.1 ᠺᠢᠯᠣᠮᠧᠳ᠋ᠷ᠂ ᠬᠤᠶᠠᠳᠠᠭᠢ | ᠬᠤᠭᠤᠯᠠᠢ ᠲᠣᠣᠷ ᠢ 369.9 ᠺᠢᠯᠣᠮᠧᠳ᠋ᠷ ᠥᠭᠡᠷᠡᠴᠢᠯᠡᠨ ᠪᠠᠶᠢᠭᠤᠯᠵᠤ᠂ 1.73 ᠲᠦᠮᠡᠨ ᠡᠷᠦᠭᠡ ᠳᠤ ᠭᠡᠷ ᠤᠨ | ᠳᠤᠯᠠᠭᠠᠨ ᠢ ᠬᠢᠨᠠᠨ ᠬᠡᠮᠵᠢᠬᠦ ᠲᠣᠨᠣᠭᠯᠠᠯ ᠤᠭᠰᠠᠷᠠᠵᠤ᠂ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠪᠡ᠃ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠬᠢᠨ ︽ᠲᠦᠩᠯᠢᠶᠣᠣ | ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠨᠠᠵᠠᠭᠠᠢ ᠲᠠᠯ᠎ᠠ ᠶᠢᠨ ᠠᠵᠢᠯᠯᠠᠭ᠎ᠠ ᠶᠢᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠵᠤ᠂ | ᠡᠯ᠎ᠡ ᠲᠠᠯ᠎ᠠ ᠶᠢᠨ ᠠᠷᠠᠯᠵᠢᠶᠠᠨ ᠤ ᠭᠤᠣᠯ ᠴᠣᠭᠴᠠ ᠶᠢᠨ ᠠᠷᠠᠯᠵᠢᠶᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠤᠨ ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ︽ᠣᠷᠣᠭᠤᠯᠬᠤ | ᠶᠣᠰᠣᠲᠠᠢ ᠪᠣᠯ ᠵᠠᠪᠠᠯ ᠣᠷᠣᠭᠤᠯᠬᠤ︾ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠰᠢᠪᠲᠤᠯᠤᠯᠲᠠ ᠶᠢᠨ ᠵᠢᠯ ᠤᠨ | ᠠᠵᠢᠯᠯᠠᠭ᠎ᠠ ᠶᠢᠨ ᠲᠥᠰᠥᠯ︾ ᠢ ᠲᠣᠭᠲᠠᠭᠠᠵᠤ᠂ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ᠂ | ᠪᠠᠲᠤᠯᠠᠭ᠎ᠠ ᠶᠢᠨ ᠮᠥᠩᠭᠦ ᠶᠢ ᠳᠡᠷᠡ ᠳᠠᠷᠤᠢ ᠳᠤᠨᠢ ᠪᠤᠴᠠᠭᠠᠬᠤ᠂ ᠪᠦᠭᠦ ᠶᠠᠪᠤᠴᠠ ᠶᠢ ᠡᠯᠧᠺᠳ᠋ᠷᠤᠨᠴᠢᠯᠠᠬᠤ᠂ ᠨᠢᠭᠤᠷ | ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ᠂ ᠠᠵᠢᠯ ᠤᠨ ᠪᠠᠶᠢᠷᠢ ᠶᠢᠨ ᠮᠠᠶ᠋ᠢᠭ ᠢᠶᠠᠷ ᠳᠠᠭᠠᠭᠠᠴᠢᠯᠠᠯᠲᠠ | ᠦᠨᠡᠯᠡᠬᠦ ᠵᠡᠷᠭᠡ ᠲᠠᠪᠤᠨ ᠲᠠᠯ᠎ᠠ ᠠᠴᠠ ᠰᠠᠯᠠᠭ᠎ᠠ ᠲᠠᠰᠤᠭ ᠢ ᠲᠣᠳᠣᠷᠬᠠᠢ ᠬᠠᠷᠢᠭᠤᠴᠠᠭᠤᠯᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠲᠠᠪᠤ ᠶᠢ 100% ᠪᠠᠷ ᠠᠵᠢᠯᠯᠠᠭᠤᠯᠬᠤ ᠶᠢ ᠪᠡᠶᠡᠯᠡᠭᠦᠯᠪᠡ᠃ | ᠲᠦᠩᠯᠢᠶᠣᠣ ᠶᠢᠨ ᠠᠷᠠᠳ ᠤᠨ ᠳᠤᠮᠳᠠᠳᠤ ᠵᠡᠷᠭᠡ ᠶᠢᠨ ᠰᠢᠭᠦᠬᠦ ᠬᠤᠷᠢᠶ᠎ᠠ ᠶᠢᠨ ᠬᠢᠨ ᠤᠷᠢᠳ ᠬᠤᠵᠢᠳ ︽ | ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠳᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠲᠤᠯᠠᠭ᠎ᠠ ᠬᠠᠩᠭᠠᠬᠤ ᠲᠤᠬᠠᠢ ᠬᠡᠷᠡᠭᠵᠢᠭᠦᠯᠬᠦ ᠰᠠᠨᠠᠯ︾᠂ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠪᠠᠲᠤᠯᠠᠬᠤ ᠲᠤᠬᠠᠢ ᠬᠤᠷᠢᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠵᠡᠷᠭᠡ ᠪᠢᠴᠢᠭ | ᠮᠠᠲ᠋ᠧᠷᠢᠶᠠᠯ ᠢ ᠨᠡᠶᠢᠲᠡᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠰᠢᠭᠤᠳ ᠨᠡᠪᠲᠡᠷᠡᠬᠦ ᠲᠡᠷᠭᠡ︾ | ᠶᠢ ᠰᠠᠭᠠᠳ ᠦᠭᠡᠢ ᠨᠠᠪᠲᠠᠷᠡᠭᠦᠯᠵᠦ᠂ ᠵᠠᠷᠭᠤ ᠶᠢᠨ ᠰᠦᠢᠳᠬᠡᠯ ᠤᠨ ᠡᠯᠧᠺᠳ᠋ᠷᠣᠨ ᠫᠢᠶᠣᠣ ᠪᠠᠷᠢᠮᠲᠠ ᠶᠢᠨ ᠰᠢᠰᠲ᠋ᠧᠮ ᠢ | ᠰᠦᠯᠵᠢᠶᠡᠨ ᠳᠤ ᠭᠠᠷᠭᠠᠵᠤ᠂ ᠰᠦᠯᠵᠢᠶᠡᠨ ᠳᠡᠭᠡᠷ᠎ᠡ 5625.13 ᠲᠦᠮᠡᠨ ᠲᠥᠭᠦᠷᠢᠭ ᠤᠨ ᠰᠦᠢᠳᠬᠡᠯ ᠢ | ᠲᠤᠰᠢᠶᠠᠪᠠ᠃ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ᠂ ᠵᠠᠷᠭᠤ ᠶᠢᠨ ᠵᠠᠷᠤᠳᠠᠯ ᠲᠤᠰᠢᠶᠠᠬᠤ ᠳᠤ | ᠬᠦᠴᠢᠷᠳᠡᠯ ᠲᠠᠢ ᠠᠵᠤ ᠠᠬᠤᠶᠢᠯᠠᠯ ᠤᠨ ᠵᠠᠷᠭᠤ ᠶᠢᠨ ᠵᠠᠷᠤᠳᠠᠯ ᠢ ᠬᠠᠤᠯᠢ ᠶᠣᠰᠣᠭᠠᠷ 248.85 ᠲᠦᠮᠡᠨ ᠲᠥᠭᠦᠷᠢᠭ | ᠬᠤᠶᠢᠰᠢᠯᠠᠭᠤᠯᠤᠨ ᠬᠠᠰᠤᠪᠠ᠃ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ 24 ᠣᠷᠴᠢᠨ | ᠲᠣᠭᠤᠷᠢᠨ ᠳᠤ ᠦᠨᠡᠯᠡᠯᠲᠡ ᠥᠭᠬᠦ ᠪᠠᠶᠢᠭᠤᠯᠤᠮᠵᠢ ᠶᠢᠨ ᠬᠤᠪᠢ ᠲᠣᠭᠲᠠᠭᠠᠭᠰᠠᠨ ᠦᠷ᠎ᠡ ᠳ᠋ᠦᠩ ᠪᠠ 10 | ᠡᠷᠤᠭᠡ ᠶᠢᠨ ᠨᠢᠭᠡᠨᠲᠡ ᠬᠦᠴᠦᠨ ᠦᠭᠡᠢ ᠪᠤᠯᠭᠠᠬᠰᠠᠨ ᠪᠠ ᠪᠠᠶᠢᠭᠤᠯᠤᠮᠵᠢ ᠶᠢᠨ ᠲᠠᠩᠰᠠᠨ ᠳᠤ ᠣᠷᠣᠭᠤᠯᠬᠤ ᠪᠠᠷ | ᠳᠡᠪᠰᠢᠭᠦᠯᠦᠭᠰᠡᠨ ᠦᠭᠡᠢ ᠪᠠᠶᠢᠳᠠᠯ ᠢ ᠵᠠᠷᠯᠠᠨ ᠨᠡᠶᠢᠲᠡᠯᠡᠵᠦ᠂ ︽ᠲᠤᠬᠠᠢ ᠶᠢᠨ ᠲᠠᠯᠠᠪᠤᠷ ᠤᠨ ᠪᠤᠰᠤ︾ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠤᠷᠢᠳ ᠢᠶᠠᠷ ᠬᠡᠷᠡᠭᠯᠡᠨ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠵᠦ᠂ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ 919 ᠤᠳᠠᠭ᠎ᠠ ᠥᠷᠨᠢᠭᠦᠯᠪᠡ᠃ 1 ᠠᠴᠠ 9 ᠰᠠᠷ᠎ᠠ ᠪᠤᠯᠳᠡᠯ᠎ᠠ᠂ ᠭᠤᠣᠯ ᠬᠤᠲᠠ ᠶᠢᠨ | ᠲᠣᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 91.6% ᠳᠤ | ᠬᠦᠷᠴᠦ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠴᠢᠨᠠᠷ ᠢ ᠳᠡᠭᠡᠭᠰᠢᠯᠡᠭᠦᠯᠭᠦ ᠪᠣᠭᠤᠮᠲᠠ | ᠰᠢᠪᠲᠤᠯᠬᠤ ᠣᠨ ᠤ ᠲᠤᠰᠬᠠᠢ ᠠᠵᠢᠯᠯᠠᠭ᠎ᠠ ᠶᠢ ᠥᠷᠨᠢᠭᠦᠯᠪᠡ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠨᠠᠢᠮᠠᠳᠤᠭᠠᠷ ᠬᠤᠭᠤᠴᠠᠭᠠᠨ ᠤ | ᠪᠦᠭᠦ ᠳᠡᠯᠡᠬᠡᠢ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠤᠲᠠ ᠶᠢᠨ ᠲᠦᠷᠦᠭᠦᠴᠦᠳ ᠤᠨ ᠬᠤᠷᠠᠯ ᠤᠨ | ︽ᠪᠠᠶᠢᠭᠠᠯᠢ ᠶᠢᠨ ᠬᠤᠲᠠ︾ ᠶᠢᠨ ᠴᠣᠯᠠ ᠶᠢ ᠬᠦᠷᠲᠡᠵᠦ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠭᠦ | ᠬᠤᠲᠠ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠬᠦ ᠶᠢ ᠲᠦᠯᠬᠢᠨ ᠠᠬᠢᠭᠤᠯᠵᠤ᠂ ᠲᠦᠩᠯᠢᠶᠣᠣ ᠬᠤᠲᠠ ᠶᠢᠨ ᠰᠢᠨ᠎ᠡ | ᠨᠡᠷ᠎ᠡ ᠶᠢᠨ ᠬᠠᠭᠤᠳᠠᠰᠤ ᠶᠢ ᠪᠤᠢ ᠪᠣᠯᠭᠠᠪᠠ᠃ | ᠪᠦᠭᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠤᠨ ᠬᠢᠨ ︽ᠭᠢᠷᠢᠨ ᠤ ᠡᠮᠦᠨ᠎ᠡ ᠬᠡᠰᠡᠭ᠂ ᠯᠢᠶᠣᠤᠨᠢᠩ ᠤᠨ ᠬᠤᠶᠢᠲᠤ ᠬᠡᠰᠡᠭ᠂ ᠥᠪᠥᠷ ᠮᠣᠩᠭᠤᠯ ᠤᠨ | ᠵᠡᠭᠦᠨ ᠬᠡᠰᠡᠭ︾ ᠤᠨ ᠵᠢᠷᠭᠤᠭᠠᠨ ᠬᠤᠲᠠ ᠶᠢ ᠨᠢᠭᠡ ᠴᠣᠭᠴᠠᠵᠢᠭᠤᠯᠤᠨ ᠬᠠᠮᠵᠢᠯᠴᠠᠭᠤᠯᠤᠨ ᠬᠥᠭᠵᠢᠭᠦᠯᠬᠦ ᠠᠵᠢᠯᠲᠠᠨ | ᠠᠵᠢᠯᠴᠢᠨ ᠡᠯᠰᠡᠬᠦ ᠬᠠᠮ ᠴᠤᠭᠯᠠᠭᠠᠨ᠂ ᠪᠦᠭᠦ ᠣᠷᠣᠨ ᠤ ᠨᠠᠮᠤᠷ ᠤᠨ ᠤᠯᠠᠷᠢᠯ ᠤᠨ ᠠᠵᠢᠯᠲᠠᠨ ᠠᠵᠢᠯᠴᠢᠨ ᠡᠯᠰᠡᠬᠦ | ᠴᠤᠭᠯᠠᠭᠠᠨ ᠵᠡᠷᠭᠡ 113 ᠤᠳᠠᠭ᠎ᠠ ᠶᠢᠨ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ | 8.37 ᠲᠦᠮᠡᠨ ᠠᠵᠢᠯ ᠤᠨ ᠪᠠᠶᠢᠷᠢ ᠬᠠᠩᠭᠠᠪᠠ᠃ ︽ᠵᠠᠰᠠᠭ ᠤᠨ ᠣᠷᠣᠨ ᠶᠡᠭᠡ ᠳᠡᠭᠡᠳᠦ ᠰᠤᠷᠭᠠᠭᠤᠯᠢ ᠠᠵᠤ | ᠠᠬᠤᠶᠢᠯᠠᠯ︾ ᠤᠨ ᠬᠤᠯᠪᠤᠭ᠎ᠠ ᠠᠴᠠ ᠠᠵᠢᠯᠲᠠᠨ ᠠᠵᠢᠯᠴᠢᠨ ᠳᠤ 4300 ᠬᠥᠮᠥᠨ ᠤᠳᠠᠭ᠎ᠠ ᠪᠣᠯᠪᠠᠰᠤᠷᠠᠯ | ᠬᠦᠷᠲᠡᠭᠡᠵᠦ᠂ 1.17 ᠲᠦᠮᠡᠨ ᠬᠥᠮᠥᠨ ᠤᠳᠠᠭ᠎ᠠ ᠳᠤ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠡᠢ᠃ ︽ᠰᠤᠯᠠ ᠠᠵᠢᠯ ᠤᠨ ᠵᠠᠬ᠎ᠠ ᠳᠡᠯᠭᠡᠭᠦᠷ︾ ᠲᠤ ᠬᠠᠨᠳᠤᠭᠤᠯᠤᠨ᠂ | ᠨᠠᠷᠢᠯᠢᠭ ᠣᠨᠣᠴᠠᠲᠠᠢ ᠠᠵᠢᠯᠴᠢᠨ ᠡᠯᠰᠡᠬᠦ ᠴᠤᠭᠯᠠᠭᠠᠨ ᠢ 33 ᠲᠠᠯᠠᠪᠡᠢ ᠤᠳᠠᠭ᠎ᠠ ᠡᠷᠭᠢᠯᠡᠵᠤ᠂ ᠰᠦᠯᠵᠢᠶᠡᠨ ᠳᠡᠭᠡᠷ᠎ᠡ | ᠰᠤᠯᠠ ᠠᠵᠢᠯ ᠤᠨ ᠮᠡᠳᠡᠭᠡ ᠵᠠᠩᠭᠢ ᠶᠢ 5.44 ᠲᠦᠮᠡᠨ ᠵᠤᠷᠪᠤᠰ ᠨᠡᠶᠢᠲᠡᠯᠡᠵᠦ᠂ 1 ᠲᠦᠮᠡ ᠠᠴᠠ ᠳᠡᠭᠡᠭᠰᠢᠬᠢ | ᠬᠥᠮᠥᠨ ᠤᠳᠠᠭ᠎ᠠ ᠳᠤ ᠠᠵᠢᠯ ᠣᠯᠭᠤᠬᠤ ᠶᠢ ᠪᠡᠶᠡᠯᠡᠭᠦᠯᠪᠡ᠃ ᠳᠡᠭᠡᠳᠦ ᠲᠠᠰ ᠳᠠᠪᠬᠤᠷᠭ᠎ᠠ ᠶᠢᠨ᠂ ᠪᠠᠴᠢᠮ | ᠬᠡᠷᠡᠭᠴᠡᠭᠡ ᠲᠠᠢ᠂ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠨᠡᠶᠢᠲᠡ 334 ᠣᠷᠣᠭᠤᠯᠤᠨ ᠠᠪᠴᠢᠷᠠᠪᠠ᠃ | ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠨᠡᠶᠢᠳᠡᠮ ᠬᠡᠷᠡᠭᠯᠡᠬᠦ ᠴᠠᠯᠢᠩ ᠤᠨ ᠨᠣᠮᠧᠷ︾ ᠢ ᠨᠡᠭᠡᠭᠡᠨ | ᠠᠰᠢᠭᠯᠠᠬᠤ ᠶᠢ ᠡᠬᠢᠯᠡᠨ ᠬᠡᠷᠡᠭᠯᠡᠵᠦ᠂ ︽ᠬᠤᠶᠠᠷ ᠢ ᠰᠠᠭᠤᠯᠭᠠᠵᠤ ᠬᠤᠶᠠᠷ ᠢ ᠪᠠᠶᠢᠴᠠᠭᠠᠬᠤ︾ ᠶᠢ 313 ᠤᠳᠠᠭ᠎ᠠ | ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠬᠦ ᠲᠠᠪᠴᠠᠩ ᠤᠨ ᠬᠦᠷᠭᠡᠭᠰᠡᠨ 2127 | ᠰᠦᠪᠡᠭᠴᠢ ᠶᠢ ᠪᠦᠭᠦᠨ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠪᠠ᠃ ᠭᠦᠳᠡᠯᠮᠦᠷᠢ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠤᠬᠰᠠᠨ ᠬᠡᠷᠡᠭ ᠢ ᠳᠠᠭᠤᠰᠬᠠᠭᠰᠠᠨ ᠨᠣᠷᠮ᠎ᠠ | 100% ᠳᠤ ᠬᠦᠷᠴᠦ᠂ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠲᠡᠷᠢᠭᠦᠨ ᠳᠤ ᠣᠷᠣᠪᠠ᠃ | ᠰᠤᠷᠪᠤᠯᠵᠢᠯᠠᠬᠴᠢ᠄ ᠪᠤᠤ ᠯᠢᠩ ᠯᠢᠩ |