ᠯᠢᠦ ᠵᠢᠶᠠᠨ ᠵᠦᠩ ᠡᠯᠡᠰᠦᠨ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/7
    11 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠵᠥᠩ ᠨᠡᠷ ᠡᠯᠡᠰᠦᠨ ᠪᠠᠯᠭᠠᠰᠤᠨ ᠳᠤ ᠬᠦᠷᠴᠦ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠭᠡᠮᠡᠯ ᠬᠠᠶᠢᠷ᠎ᠠ ᠶᠢᠨ ᠬᠡᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠠᠵᠢᠯ ᠳᠤ ᠬᠦᠴᠦᠨ ᠨᠡᠮᠡᠷᠢᠯᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠰᠦᠷᠲᠦ ᠭᠠᠴᠠᠭ᠎ᠠ ᠳᠤ ᠬᠦᠷᠴᠦ᠂ ᠲᠥᠷᠥᠯ ᠵᠦᠢᠯ ᠤᠨ ᠵᠢᠱᠢᠭᠳᠡᠨ ᠰᠤᠩᠭᠤᠭᠰᠠᠨ ᠭᠠᠵᠠᠷ ᠤᠨ ᠰᠠᠭᠤᠷᠢ ᠪᠥᠲᠥᠭᠡᠨ ᠪᠠᠶᠢᠭᠤᠯᠤᠯᠲᠠ᠂ ᠬᠥᠮᠦᠨ ᠠᠮᠠ ᠶᠢᠨ ᠪᠦᠲᠦᠴᠡ᠂ ᠬᠥᠳᠡᠭᠡ ᠲᠣᠰᠬᠤᠨ ᠤ ᠠᠵᠤ ᠦᠢᠯᠡᠰ᠂ ᠵᠡᠮᠳᠡᠭ ᠣᠨᠴᠠ ᠬᠦᠴᠢᠷᠳᠡᠯᠲᠡᠶ ᠬᠥᠮᠦᠰ ᠵᠡᠷᠭᠡ ᠮᠡᠳᠡᠭᠡ ᠵᠠᠩᠭᠢ ᠶᠢ ᠨᠠᠷᠢᠨ ᠣᠶᠢᠯᠠᠭᠠᠬᠤ ᠶᠢᠨ ᠬᠠᠮᠲᠤ᠂ ᠲᠥᠷᠥᠯ ᠵᠦᠢᠯ ᠤᠨ ᠭᠠᠵᠠᠷ ᠰᠣᠩᠭᠤᠬᠤ᠂ ᠪᠥᠲᠥᠭᠡᠨ ᠪᠠᠶᠢᠭᠤᠯᠬᠤ ᠲᠥᠰᠦᠯ ᠵᠡᠷᠭᠡ ᠠᠵᠢᠯ ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号